ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/31
   7 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠨ ᠵᠣᠯᠭᠠᠭᠤᠯᠵᠤ᠂ ᠤᠯᠠᠭᠠᠨᠴᠠᠪ ᠢ ᠤᠬᠠᠭᠤᠯᠤᠨ ᠲᠠᠨᠢᠯᠴᠠᠭᠤᠯᠪᠠ᠃    ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠶᠡᠷᠦᠩᠬᠡᠢ ᠭᠠᠵᠠᠷ ᠲᠤ᠂ ᠰᠦᠢ ᠸᠧᠢ ᠵᠢᠶᠦ᠋ᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠶᠡᠷᠦᠩᠬᠡᠢ ᠳᠠᠭᠠᠭᠠᠮᠠᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠢᠦᠢ ᠪᠦᠦ ᠼᠠᠢ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠤᠯᠠᠭᠠᠨᠴᠠᠪ ᠤᠨ 10 ᠲᠦᠮᠡᠨ ᠲᠣᠨ / ᠵᠢᠯ ᠤᠨ ᠭᠡᠷᠡᠯ ᠸᠤᠯᠲ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠵᠣᠯᠭᠠᠭᠤᠯᠵᠤ ᠰᠠᠨᠠᠯ ᠢᠶᠠᠨ ᠰᠣᠯᠢᠯᠴᠠᠪᠠ᠃ ᠰᠦᠢ ᠸᠧᠢ ᠵᠢᠶᠦ᠋ᠨ᠂ ᠲᠦᠷᠦᠯ ᠵᠦᠢᠯ ᠵᠥᠪᠰᠢᠶᠡᠷᠡᠭᠳᠡᠭᠰᠡᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠬᠠᠮᠵᠢᠯᠴᠠᠨ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠵᠠᠢ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠳᠪᠦᠷᠢ ᠶᠢᠨ ᠭᠠᠷᠳᠠᠮ ᠢ ᠭᠦᠢᠴᠡᠳᠬᠡᠬᠦ ᠪᠠᠨ ᠤᠯᠠᠮ ᠨᠢᠭᠡ ᠠᠯᠬᠤᠮ ᠲᠦᠷᠭᠡᠳᠬᠡᠵᠦ᠂ ᠲᠥᠷᠥᠯ ᠵᠦᠢᠯ ᠢ ᠡᠷᠲᠡᠬᠡᠨ ᠡᠬᠢᠯᠡᠭᠦᠯᠦᠨ᠂ ᠦᠷ᠎ᠡ ᠠᠰᠢᠭ ᠭᠠᠷᠭᠠᠬᠤ ᠶᠢ ᠬᠦᠰᠡᠵᠦ ᠪᠠᠶᠢᠨ᠎ᠠ᠂ ᠪᠢᠳᠡ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡ ᠶᠢ ᠰᠠᠶᠢᠲᠤᠷ ᠬᠢᠵᠦ᠂ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠬᠦᠴᠦᠯᠡᠨ ᠪᠡᠶᠡᠯᠡᠭᠦᠯᠦᠨ᠎ᠡ ᠭᠡᠵᠦ ᠬᠡᠯᠡᠪᠡ᠃ ᠢᠦᠢ ᠪᠦᠦ ᠼᠠᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠤᠯᠠᠭᠠᠨᠴᠠᠪ ᠲᠠᠬᠢ ᠬᠥᠭᠵᠢᠯᠲᠡ ᠶᠢ ᠮᠠᠰᠢ ᠰᠠᠶᠢᠨ ᠦᠵᠡᠵᠦ ᠪᠠᠶᠢᠬᠤ ᠪᠥᠭᠡᠳ ᠮᠠᠰᠢ ᠴᠢᠬᠤᠯᠠᠴᠢᠯᠠᠨ ᠦᠵᠡᠵᠦ ᠪᠠᠶᠢᠨ᠎ᠠ᠂ ᠪᠢᠳᠡ ᠠᠵᠢᠯ ᠤᠨ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠮᠲᠤᠷᠠᠯᠴᠠᠭᠠᠨ ᠤ ᠲᠥᠷᠥᠯ ᠵᠦᠢᠯ ᠢ ᠲᠣᠭᠲᠠᠭᠰᠠᠨ ᠬᠠᠷᠠᠯᠲᠠ ᠶᠣᠰᠣᠭᠠᠷ ᠤᠷᠤᠭᠰᠢ ᠠᠬᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ ᠭᠡᠵᠦ ᠢᠯᠡᠷᠬᠡᠶᠢᠯᠡᠪᠡ᠃    ᠳ᠋ᠦᠩ ᠱᠧᠩ ᠤᠯᠠᠨ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠢᠩᠬᠤᠸᠠ ᠶᠡᠭᠡ ᠰᠤᠷᠭᠠᠭᠤᠯᠢ ᠶᠢᠨ ᠠᠵᠤ ᠦᠢᠯᠡᠳᠪᠦᠷᠢ ᠶᠢᠨ ᠰᠤᠳᠤᠯᠭᠠᠨ ᠤ ᠬᠦᠷᠢᠶᠡᠯᠡᠩ ᠤᠨ ᠤᠯᠠᠨ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠲᠥᠪ ᠲᠤ᠂ ᠰᠦᠢ ᠸᠧᠢ ᠵᠢᠶᠦ᠋ᠨ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠬᠠᠮᠲᠤᠷᠠᠯᠴᠠᠬᠤ ᠪᠠᠷ ᠪᠠᠶᠢᠭ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠬᠤᠸᠠ ᠳ᠋ᠢᠶᠠᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠱᠦᠢ ᠮᠦ ᠮᠢᠩ ᠲᠦᠸᠧ ᠤᠰᠤᠲᠥ᠋ᠷᠥᠭᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠢ ᠸᠧᠢ ᠵᠢᠶᠦ᠋ᠨ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠯᠠᠭᠠᠨᠴᠠᠪ ᠲᠤ ᠥᠷᠭᠡᠨ ᠳᠡᠯᠭᠡᠷ ᠬᠥᠭᠵᠢᠯᠲᠡ ᠶᠢᠨ ᠢᠷᠡᠭᠡᠳᠦᠢ ᠲᠠᠢ ᠶᠤᠮ᠃ ᠣᠳᠣᠬᠠᠨ ᠳᠤ᠂ ᠪᠢᠳᠡ ᠶᠠᠭ ᠰᠠᠶᠢᠬᠠᠨ ᠭᠡᠷᠡᠯ ᠸᠤᠯᠲ ᠤᠰᠤᠲᠥ᠋ᠷᠥᠭᠴᠢ ᠨᠥᠭᠡᠴᠡ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠵᠤ ᠪᠠᠶᠢᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠭᠠᠷᠳᠠᠴᠠ ᠪᠣᠯᠣᠨ ᠬᠦᠴᠦᠯᠡᠬᠦ ᠴᠡᠭ ᠢᠶᠠᠨ ᠴᠢᠨᠠᠭᠰᠢᠳᠠ ᠣᠨᠣᠪᠴᠢᠲᠠᠢ ᠣᠯᠵᠤ᠂ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠪᠠᠨ ᠦᠨᠡᠨ ᠪᠣᠳᠠᠲᠠᠢ ᠪᠡᠯᠡ ᠣᠷᠣᠭᠤᠯᠤᠯᠲᠠ ᠶᠢᠨ ᠲᠦᠷᠦᠯ ᠵᠦᠢᠯ ᠪᠣᠯᠭᠠᠨ ᠬᠤᠪᠢᠷᠠᠭᠤᠯᠬᠤ ᠶᠢ ᠬᠦᠰᠡᠵᠦ ᠪᠠᠶᠢᠨ᠎ᠠ᠃ ᠪᠢᠳᠡ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠵᠦ ᠬᠡᠯᠡᠪᠡ᠃     ᠶᠦᠨ ᠫᠧᠩ ᠭᠠᠩ᠂ ᠯᠢᠦ ᠭᠦᠸᠧ ᠭᠠᠩ᠂ ᠼᠤᠤ ᡁᠢ ᠣᠷᠣᠯᠴᠠᠵᠠᠢ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2