ᠱᠠᠩᠳᠤ ᠰᠢᠶᠠᠨ ᠤ ︽ᠲᠠᠨ ᠢ ᠬᠠᠪᠰᠤᠷᠤᠨ ᠭᠦᠢᠴᠡᠳᠭᠡᠬᠦ︾ ᠵᠠᠭᠪᠤᠷ ᠢᠶᠠᠷ ᠠᠵᠤ ᠠᠬᠤᠶᠢᠯᠠᠯ ᠤᠨ ︽ᠦᠢᠯᠡᠴᠢᠯᠡᠭᠴᠢ︾ ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2023/7/4
    ᠨᠢᠭᠡ ᠳᠤ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠠᠩᠬᠢᠮ ᠳᠤ ᠲᠠᠨ ᠢ ᠬᠠᠪᠰᠤᠷᠤᠨ ᠬᠦᠢᠴᠡᠳᠭᠡᠬᠦ 2 ᠴᠣᠩᠬᠤᠪᠴᠢ ᠭᠠᠷᠭᠠᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠂ ᠠᠵᠤ ᠠᠬᠤᠶᠢᠯᠠᠯ ᠤᠨ ᠠᠰᠠᠭᠤᠨ ᠯᠠᠪᠯᠠᠬᠤ ᠶᠢ ᠭᠥᠯᠢᠶᠡᠨ ᠠᠪᠬᠤ᠂ ᠪᠥᠬᠦ ᠶᠠᠪᠤᠴᠠ ᠶᠢᠨ ᠬᠢᠨᠠᠨ ᠵᠥᠪᠰᠢᠶᠡᠷᠡᠯ ᠤᠨ ᠤᠷᠢᠳᠠᠴᠢ ᠦᠢᠯᠡᠴᠢᠯᠡᠭᠡ ᠬᠠᠩᠭᠠᠬᠤ᠂ ᠵᠥᠪᠳᠡᠯᠴᠡᠨ ᠬᠠᠮᠲᠤᠷᠠᠨ ᠬᠢᠨᠠᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ  ᠠᠰᠠᠭᠤᠨ ᠯᠠᠪᠯᠠᠯᠳᠠ ᠵᠡᠷᠭᠡ ᠣᠯᠠᠨ ᠴᠢᠳᠠᠮᠵᠢᠲᠤ ᠣᠷᠣᠨ ᠪᠦᠰᠡ ᠶᠢ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠶᠢ ᠬᠠᠩᠭᠠᠪᠠ᠃ ᠲᠤᠰᠬᠠᠢ ᠲᠤᠰᠢᠶᠠᠯᠲᠤ ᠣᠷᠣᠯᠠᠨ ᠭᠦᠢᠴᠡᠳᠭᠡᠭᠴᠢ 4᠂ ᠲᠤᠰᠢᠶᠠᠯ ᠬᠠᠪᠰᠤᠷᠭᠠᠭᠰᠠᠨ ᠣᠷᠣᠯᠠᠨ ᠭᠦᠢᠴᠡᠳᠭᠡᠭᠴᠢ 16᠂ ᠨᠡᠶᠢᠲᠡ 20 ᠬᠥᠮᠥᠨ ᠲᠠᠢ ᠣᠷᠣᠯᠠᠨ ᠭᠦᠢᠴᠡᠳᠭᠡᠭᠴᠢ ᠬᠠᠪᠰᠤᠷᠤᠨ ᠭᠦᠢᠴᠡᠳᠭᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠪᠠ᠃     ᠬᠤᠶᠠᠷ ᠲᠤ᠂ ᠤᠴᠢᠷ ᠶᠠᠪᠤᠳᠠᠯ ᠤᠨ ᠡᠮᠦᠨᠡᠰᠢ ᠪᠠᠨ ᠦᠢᠯᠡᠴᠢᠯᠡᠵᠦ᠂ ︽ᠲᠠᠨ ᠢ ᠬᠠᠪᠰᠤᠷᠤᠨ ᠠᠵᠢᠯᠯᠠᠬᠤ︾ ᠠᠵᠢᠯ ᠤᠨ ᠦᠷᠲᠡᠭᠡ ᠪᠠᠶᠢᠭᠤᠯᠪᠡ᠃ ᠬᠦᠢᠳᠡᠨᠰᠢᠯᠢ ᠶᠢᠨ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠱᠠᠩᠳᠤ ᠰᠢᠶᠠᠨ ᠤ ᠠᠵᠤ ᠦᠢᠯᠡᠰ ᠤᠨ ᠬᠦᠷᠢᠶᠡᠯᠡᠩ ᠳᠤ ︽ ᠮᠦᠩᠭᠡ ᠰᠣᠪᠠᠭ · ᠲᠠᠨ ᠢ ᠬᠠᠪᠰᠤᠷᠤᠨ ᠡᠷᠭᠢᠯᠡᠬᠦ︾ ᠠᠵᠢᠯ ᠤᠨ ᠥᠷᠲᠡᠭᠡ ᠪᠠᠶᠢᠭᠤᠯᠵᠠᠢ᠃ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠢ ᠠᠵᠤ ᠠᠬᠤᠶᠢᠯᠠᠯ ᠤᠨ ︽ᠦᠢᠯᠡᠳᠪᠦᠷᠢ ᠶᠢᠨ ᠡᠭᠦᠳᠡ︾ ᠳᠤ ᠰᠢᠯᠵᠢᠭᠦᠯᠪᠡ᠃     ᠭᠤᠷᠪᠠ ᠳᠤ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠴᠢᠬᠤᠯᠠᠴᠢᠯᠠᠵᠤ᠂ ︽ᠲᠠᠨ ᠢ ᠬᠠᠪᠰᠤᠷᠤᠨ ᠭᠦᠢᠴᠡᠳᠬᠡᠬᠦ︾ ᠰᠢᠨ᠎ᠡ ᠲᠣᠭᠲᠠᠴᠠ ᠶᠢ ᠰᠢᠯᠢᠳᠡᠭᠵᠢᠭᠦᠯᠪᠡ᠃ ︽ᠱᠠᠩᠳᠤ ᠰᠢᠶᠠᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠬᠢᠭᠡᠳ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠥᠪᠯᠡᠯᠭᠡᠨ ᠤ ᠳᠦᠷᠢᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠬᠤ ᠪᠠᠷ ᠳᠠᠮᠵᠢᠭᠤᠯᠤᠨ᠂ ︽ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠡᠷᠲᠡ ᠮᠡᠳᠡᠵᠦ᠂ ᠪᠣᠶ ᠪᠦᠬᠦᠢ ᠭᠠᠷᠳᠠᠮ ᠢ ᠪᠢ ᠭᠦᠶᠦᠬᠦ︾ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠪᠥᠬᠦ ᠬᠦᠴᠦᠨ ᠢᠶᠠᠷ ᠢᠶᠠᠨ ᠴᠤᠭᠴᠠᠯᠠᠪᠠ᠃ ︽ᠱᠠᠩᠳᠤ ᠰᠢᠶᠠᠨ ᠤ ᠠᠩᠬᠠᠨ ᠤ ᠪᠦᠯᠦᠭ ︿ᠮᠦᠩᠭᠡ ᠰᠣᠪᠠᠭ · ᠲᠠᠨ ᠢ ᠬᠠᠪᠰᠤᠷᠤᠨ ᠭᠦᠢᠴᠡᠳᠬᠡᠬᠦ﹀ ᠠᠵᠢᠯ ᠶᠠᠪᠤᠳᠠᠯ ᠭᠦᠢᠴᠡᠳᠬᠡᠬᠦ ᠵᠢᠭᠠᠯᠲᠠ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ︽ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠨᠡᠶᠢᠲᠡᠯᠡᠵᠦ᠂ ᠨᠢᠭᠡ ᠪᠦᠯᠦᠭ ᠢ ᠬᠡᠷᠡᠭᠵᠢᠭᠦᠯᠬᠦ︾ ᠱᠠᠭᠠᠷᠳᠠᠯᠭ᠎ᠠ ᠶᠣᠰᠣᠭᠠᠷ᠂ ︽ᠮᠦᠩᠭᠡ ᠰᠣᠪᠠᠭ · ᠲᠠᠨ ᠢ ᠬᠠᠪᠰᠤᠷᠤᠨ ᠭᠦᠢᠴᠡᠳᠬᠡᠬᠦ︾ ᠵᠦᠢᠯᠡᠰ ᠤᠨ ᠭᠠᠷᠴᠠᠭ ᠢ ᠨᠠᠷᠢᠨ ᠬᠢᠨᠠᠮᠠᠭᠠᠢ ᠡᠮᠬᠢᠯᠡᠬᠦ ᠶᠢᠨ ᠬᠠᠮᠲᠤ ᠴᠠᠭ ᠲᠤᠬᠠᠢ  ᠳᠤᠨᠢ ᠨᠡᠶᠢᠲᠡᠯᠡᠪᠡ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2