2023 ᠣᠨ ᠤ ᠬᠤᠶᠠᠳᠤᠭᠠᠷ ᠤᠯᠠᠷᠢᠯ ᠤᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠷᠯᠠᠯ
ᠨᠡᠶᠢᠲᠡᠯᠡᠭᠰᠡᠨ ᠴᠠᠭ᠄
2023/7/5
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄   ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ 2023 ᠣᠨ ᠤ ᠬᠤᠶᠠᠳᠤᠭᠠᠷ ᠤᠯᠠᠷᠢᠯ ᠤᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠪᠠᠶᠢᠴᠠᠭᠠᠯᠲᠠ ᠬᠢᠵᠦ᠂ ᠡᠳᠦᠭᠡ ᠪᠣᠳᠠᠲᠠᠢ ᠪᠠᠶᠢᠳᠠᠯ ᠢ ᠳᠣᠣᠷᠠᠬᠢ ᠮᠡᠲᠦ ᠮᠡᠳᠡᠭᠳᠡᠪᠡ᠄ᠨᠢᠭᠡ᠂ ᠶᠡᠷᠦᠩᠬᠡᠢ ᠪᠠᠶᠢᠳᠠᠯ   ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠪᠠᠶᠢᠴᠠᠭᠠᠭᠰᠠᠨ ᠪᠠᠶᠢᠳᠠᠯ   ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ 45 ᠪᠤᠢ᠂ ᠡᠭᠦᠨ ᠳᠤ 12 ᠡᠭᠦᠳᠡ ᠡᠷᠦᠬᠡ ᠶᠢᠨ ᠰᠦᠯᠵᠢᠶᠡᠨ ᠥᠷᠲᠡᠭᠡ᠂ 33 ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠪᠣᠶ᠃ ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠴᠠᠭᠠᠵᠤ ᠬᠢᠨᠠᠨ ᠰᠢᠯᠭᠠᠬᠤ ᠭᠦᠢᠴᠡᠳᠬᠡᠯ ᠲᠤᠭ᠎ᠠ︾ ᠲᠠᠢ ᠬᠠᠷᠢᠴᠠᠭᠤᠯᠵᠤ ᠦᠵᠡᠪᠡᠯ᠂ ᠪᠠᠶᠢᠴᠠᠭᠠᠭᠰᠠᠨ ᠬᠠᠷᠢᠴᠠᠯ ᠨᠢ 100% ᠪᠣᠯᠣᠨ᠎ᠠ᠃ ᠲᠣᠰ ᠤᠳᠠᠭᠠᠨ ᠤ ᠪᠠᠶᠢᠴᠠᠭᠠᠯᠲᠠ ᠳᠤ ᠣᠯᠠᠩᠬᠢ ᠰᠦᠯᠵᠢᠶᠡᠨ ᠥᠷᠲᠡᠭᠡ ᠶᠢᠨ ᠠᠵᠢᠯᠯᠠᠭᠠᠨ ᠨᠢ ᠮᠠᠰᠢ ᠰᠠᠶᠢᠨ ᠪᠠᠶᠢᠵᠤ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠡᠷᠭᠡ 3 ᠰᠦᠯᠵᠢᠶᠡᠨ ᠥᠷᠲᠡᠭᠡ ᠳᠤ  ᠴᠠᠭ ᠲᠤᠬᠠᠢ ᠳᠤᠨᠢ ᠪᠤᠯᠤᠩ ᠢ ᠰᠢᠨᠡᠳᠬᠡᠭᠰᠡᠨ ᠦᠭᠡᠢ ᠪᠠ ᠬᠤᠭᠤᠰᠤᠨ ᠪᠤᠯᠤᠩ ᠤᠨ ᠠᠰᠠᠭᠤᠳᠠᠯ ᠣᠷᠣᠰᠢᠵᠤ ᠪᠠᠶᠢᠨ᠎ᠠ ︵ᠳᠠᠭᠠᠯᠳᠤᠭᠤᠯᠤᠯ 1 ᠶᠢ ᠦᠵᠡ︶᠃   ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠭᠰᠠᠨ ᠪᠠᠶᠢᠳᠠᠯ   ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ 388 ᠪᠠᠶᠢᠵᠤ᠂ ᠡᠭᠦᠨ ᠳᠤ ᠸᠢᠴᠠᠲ ᠤᠨ ᠨᠡᠶᠢᠲᠡ ᠶᠢᠨ ᠳ᠋ᠤᠭᠠᠷ 344᠂ ᠪᠢᠴᠢᠯ ᠪᠯᠤᠭ 20᠂ ᠰᠢᠯᠵᠢᠮᠡᠯ ᠬᠤᠯᠪᠣᠭᠠᠨ ᠤ ᠬᠡᠷᠡᠭᠯᠡᠭᠴᠢ ᠶᠢᠨ ᠦᠵᠦᠭᠦᠷ 1᠂ ᠥᠨᠥᠳᠥᠷ ᠤᠨ ᠲᠦᠷᠦᠭᠦᠸ ᠵᠤᠷᠪᠤᠰ᠂ ᠴᠡᠴᠡᠷᠡᠯ ᠲᠠᠭᠤ᠂ ᠴᠠᠷᠭᠢᠯ ᠲᠠᠭᠤ ᠵᠡᠷᠭᠡ ᠸᠢᠳᠢᠤ᠋ ᠶᠢᠨ ᠳ᠋ᠤᠭᠠᠷ 23 ᠪᠣᠶ᠃ 6 ᠰᠠᠷ᠎ᠠ ᠶᠢᠨ 13 ᠤ ᠡᠳᠦᠷ ᠪᠣᠯᠲᠠᠯ᠎ᠠ᠂ ᠲᠣᠰ ᠤᠯᠠᠷᠢᠯ ᠳᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ 5 ᠲᠠᠩᠰᠠᠨ ᠨᠣᠮᠧᠷ ᠢ ᠬᠠᠭᠠᠵᠤ᠂ 3 ᠬᠤᠭᠤᠴᠠᠭ᠎ᠠ ᠠᠴᠠ ᠬᠡᠲᠦᠷᠡᠭᠦᠯᠦᠨ᠂ 568 ᠬᠦᠨᠳᠦ ᠨᠣᠴᠢᠲᠠᠢ ᠪᠤᠷᠤᠭᠤ ᠮᠡᠳᠡᠭᠡ ᠵᠠᠩᠭᠢ ᠶᠢ ᠬᠠᠭᠠᠵᠤ ᠵᠣᠭᠰᠣᠭᠠᠪᠠ᠃ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ   ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ   1. ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠬᠦᠷᠦᠯᠴᠡᠬᠦ ᠦᠭᠡᠢ ᠪᠠᠶᠢᠨ᠎ᠠ᠃ ᠬᠡᠰᠡᠭ ᠰᠦᠯᠵᠢᠶᠡᠨ ᠥᠷᠲᠡᠭᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠲᠡᠭᠦᠯᠳᠡᠷ ᠪᠤᠰᠤ᠂ ᠠᠵᠢᠯᠯᠠᠭᠤᠯᠵᠤ ᠪᠠᠲᠤᠯᠠᠬᠤ ᠡᠷᠴᠢᠮ ᠪᠠᠭᠤᠷᠠᠢ᠂ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠡᠯᠢᠶᠡᠳ ᠠᠨᠠᠢ ᠪᠠᠶᠢᠨ᠎ᠠ᠃ ᠵᠢᠱᠢᠶᠡᠯᠡᠪᠡᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠤᠨ ᠳᠣᠣᠷᠠᠬᠢ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ᠂ ᠰᠠᠨᠠᠭᠤᠯᠭ᠎ᠠ ᠰᠠᠨᠠᠯ ᠵᠥᠪᠯᠡᠯᠭᠡ᠂ ᠲᠥᠯᠦᠪᠵᠢᠭᠦᠯᠭᠡ ᠲᠥᠯᠥᠪᠯᠡᠭᠡ ᠵᠡᠷᠭᠡ ᠪᠤᠯᠤᠩ ᠢ ᠴᠠᠭ ᠲᠤᠬᠠᠢ ᠳᠤᠨᠢ ᠰᠢᠨᠡᠳᠬᠡᠭᠰᠡᠨ ᠦᠭᠡᠢ ᠪᠠ ᠬᠤᠭᠤᠰᠤᠨ ᠪᠤᠯᠤᠩ ᠤᠨ ᠠᠰᠠᠭᠤᠳᠠᠯ ᠣᠷᠣᠰᠢᠵᠤ ᠪᠠᠶᠢᠨ᠎ᠠ︔ ᠬᠥᠳᠡᠯᠦᠩᠭᠦᠢ ᠴᠢᠬᠤᠯᠠ ᠮᠡᠳᠡᠭᠡ᠂ ᠲᠣᠶᠢᠮᠣ ᠪᠠᠶᠢᠳᠠᠯ ᠤᠨ ᠮᠡᠳᠡᠭᠡ ᠵᠠᠩᠭᠢ᠂ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ᠂ ᠪᠠᠶᠢᠴᠠᠭᠠᠨ ᠴᠤᠭᠯᠠᠭᠤᠯᠬᠤ ᠵᠡᠷᠭᠡ ᠪᠤᠯᠤᠩ ᠤᠨ ᠮᠡᠳᠡᠭᠡ ᠵᠠᠩᠭᠢ ᠶᠢ ᠨᠡᠶᠢᠲᠡᠯᠡᠬᠦ ᠳᠠᠪᠲᠠᠮᠵᠢ ᠨᠢ ᠥᠨᠳᠥᠷ ᠪᠢᠰᠢ᠂ ᠴᠠᠭ ᠲᠤᠬᠠᠢ ᠳᠤᠨᠢ ᠰᠢᠨᠡᠳᠬᠡᠭᠰᠡᠨ ᠦᠭᠡᠢ︔ ᠣᠨᠴᠠ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠤᠯᠪᠣᠭ᠎ᠠ ᠨᠢ ᠬᠦᠷᠦᠯᠴᠡᠬᠦ ᠦᠭᠡᠢ ᠪᠠᠶᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠡᠬᠡ ᠪᠢᠴᠢᠭ ᠲᠤ ᠲᠥᠷᠥ ᠶᠢᠨ ᠪᠣᠳᠣᠯᠭ᠎ᠠ ᠶᠢᠨ ᠤᠭ ᠵᠣᠬᠢᠶᠠᠯ ᠲᠠᠢ ᠬᠤᠯᠪᠣᠭ᠎ᠠ ᠦᠭᠡᠢ ᠪᠠᠶᠢᠳᠠᠯ ᠣᠷᠣᠰᠢᠵᠤ ᠪᠠᠶᠢᠨ᠎ᠠ᠃   2. ᠴᠢᠳᠠᠮᠵᠢ ᠶᠢᠨ ᠪᠠᠶᠢᠭᠤᠯᠤᠯᠲᠠ ᠲᠡᠭᠦᠯᠳᠡᠷ ᠪᠤᠰᠤ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠡᠰᠡᠭ ᠵᠠᠰᠠᠭ ᠤᠨ ᠣᠷᠳᠣᠨ ᠤ ᠰᠦᠯᠵᠢᠶᠡᠨ ᠤ ᠴᠢᠳᠠᠮᠵᠢ ᠶᠢᠨ ᠪᠠᠶᠢᠭᠤᠯᠤᠯᠲᠠ ᠨᠢ ᠲᠡᠭᠦᠯᠳᠡᠷ ᠪᠤᠰᠤ᠂ ᠨᠢᠭᠤᠷ ᠤᠨ ᠵᠢᠷᠤᠭ ᠲᠥᠯᠥᠪᠯᠡᠭᠡ ᠨᠢ ᠵᠢᠷᠤᠮᠵᠢᠯ ᠦᠭᠡᠢ ᠪᠠᠶᠢᠨ᠎ᠠ᠃ ᠣᠨᠴᠠ ᠵᠠᠷᠢᠮ ᠰᠦᠯᠵᠢᠶᠡᠨ ᠥᠷᠲᠡᠭᠡ ᠨᠢ ᠨᠢᠭᠡᠳᠦᠭᠡᠷ ᠨᠣᠮᠧᠷ ᠲᠤ ᠲᠡᠮᠳᠡᠭᠯᠡᠬᠦ ᠪᠠ ᠨᠢᠭᠡᠳᠦᠯᠲᠡᠢ ᠲᠡᠮᠳᠡᠭᠯᠡᠬᠦ ᠴᠢᠳᠠᠮᠵᠢ ᠶᠢ ᠬᠠᠷᠠᠬᠠᠨ ᠪᠡᠶᠡᠯᠡᠭᠦᠯᠦᠭᠡᠳᠦᠢ ᠪᠠᠶᠢᠭᠰᠠᠭᠠᠷ︔ ᠬᠡᠰᠡᠭ ᠰᠦᠯᠵᠢᠶᠡᠨ ᠥᠷᠲᠡᠭᠡᠨ ᠤ ᠡᠷᠢᠵᠦ ᠬᠠᠶᠢᠬᠤ ᠴᠢᠳᠠᠮᠵᠢ ᠨᠢ ᠪᠦᠷᠢᠨ ᠪᠠᠶᠢᠵᠤ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠬᠠᠷᠢᠯᠴᠠᠨ ᠬᠥᠳᠡᠯᠦᠯᠴᠡᠬᠦ ᠲᠥᠷᠥᠯ ᠤᠨ ᠮᠡᠳᠡᠭᠡ ᠵᠠᠩᠭᠢ ᠶᠢ ᠡᠷᠢᠵᠦ ᠣᠯᠬᠤ ᠠᠷᠭ᠎ᠠ ᠦᠭᠡᠢ ᠪᠠᠶᠢᠳᠠᠭ᠃ ᠬᠡᠰᠡᠭ ᠰᠦᠯᠵᠢᠶᠡᠨ ᠥᠷᠲᠡᠭᠡᠨ ᠤ ᠨᠢᠭᠤᠷ ᠤᠨ ᠵᠢᠷᠤᠭ ᠲᠥᠯᠥᠪᠯᠡᠭᠡ ᠨᠢ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠵᠤ᠂ ᠰᠦᠯᠵᠢᠶᠡᠨ ᠥᠷᠲᠡᠭᠡᠨ ᠤ ᠰᠦᠯᠵᠢᠶᠡᠨ ᠬᠠᠶ᠋ᠢᠭ ᠨᠢ ᠵᠢᠷᠤᠮᠵᠢᠯ ᠦᠭᠡᠢ᠂ ︽ᠪᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠪᠤᠷᠤᠭᠤ ᠡᠷᠢᠵᠦ ᠥᠭᠬᠦ︾ ᠭᠡᠬᠦ ᠤᠷᠤᠴᠠ ᠨᠢ ᠣᠷᠬᠢᠭᠳᠠᠭᠰᠠᠨ᠂ ᠨᠢᠭᠤᠷ ᠤᠨ ᠰᠠᠭᠤᠷᠢ ᠬᠡᠰᠡᠭ ᠤᠨ ᠴᠢᠳᠠᠮᠵᠢᠲᠤ ᠣᠷᠣᠨ ᠤ ᠰᠦᠯᠵᠢᠶᠡᠨ ᠥᠷᠲᠡᠭᠡᠨ ᠤ ᠲᠡᠮᠳᠡᠭ ᠨᠢ ᠳᠤᠲᠠᠭᠳᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃   3. ᠠᠭᠤᠯᠭ᠎ᠠ ᠶᠢ ᠬᠢᠨᠠᠨ ᠬᠠᠷᠭᠤᠭᠤᠯᠤᠭᠰᠠᠨ ᠨᠢ ᠪᠠᠷᠢᠮᠵᠢᠶ᠎ᠠ ᠳᠤ ᠬᠦᠷᠦᠭᠰᠡᠨ ᠦᠭᠡᠢ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢ ᠨᠡᠶᠢᠲᠡᠯᠡᠬᠦ ᠪᠠ ᠬᠢᠨᠠᠨ ᠬᠠᠷᠭᠤᠭᠤᠯᠬᠤ ᠶᠢ ᠪᠣᠳᠠᠲᠠᠶᠢᠵᠢᠭᠤᠯᠤᠭᠰᠠᠨ ᠦᠭᠡᠢ᠂ ᠢᠯᠡᠷᠡᠭᠰᠡᠨ ᠪᠤᠷᠤᠭᠤ ᠦᠭᠡ ᠶᠢᠨ ᠠᠰᠠᠭᠤᠳᠠᠯ ᠤᠨ ᠬᠦᠨᠳᠦ ᠨᠣᠴᠢᠲᠠᠢ ᠴᠢᠨᠠᠷ ᠤᠨ ᠲᠤᠬᠠᠢ ᠲᠠᠨᠢᠯᠲᠠ ᠳᠤᠲᠠᠮᠠᠭ᠂ ᠵᠣᠭᠰᠣᠯᠲᠠ ᠥᠨᠳᠥᠷ ᠪᠢᠰᠢ᠂ ᠢᠯᠡᠷᠡᠭᠦᠯᠦᠭᠰᠡᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠃ ᠵᠢᠨᠢᠩ ᠲᠣᠭᠤᠷᠢᠭ᠂ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠤᠷᠤᠭᠤ ᠦᠭᠡ ᠨᠡᠯᠢᠶᠡᠳ ᠣᠯᠠᠨ᠃᡽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠵᠦᠸᠧᠽᠢ ᠰᠢᠶᠠᠨ ᠤ ᠬᠤᠪᠢ ᠬᠥᠮᠥᠨ ᠤ ᠮᠡᠳᠡᠭᠡ ᠵᠠᠩᠭᠢ ᠶᠢᠨ ᠠᠰᠠᠭᠤᠳᠠᠯ ᠨᠡᠯᠢᠶᠡᠳ ᠶᠡᠭᠡ ᠪᠠᠶᠢᠨ᠎ᠠ᠃   ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠯ᠎ᠠ   1. ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠬᠢᠨᠠᠨ ᠬᠠᠮᠢᠶᠠᠷᠬᠤ ᠡᠷᠴᠢᠮ ᠢ ᠮᠥᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ ᠣᠨᠴᠠ ᠵᠠᠷᠢᠮ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠠᠭᠤᠯᠭ᠎ᠠ ᠳᠤ ᠮᠥᠨ ᠬᠦ ᠴᠠᠭ ᠲᠤᠬᠠᠢ ᠳᠤᠨᠢ ᠥᠯᠥ ᠰᠢᠨᠡᠳᠬᠡᠬᠦ ᠦᠵᠡᠭᠳᠡᠯ ᠣᠷᠣᠰᠢᠵᠤ ᠪᠠᠶᠢᠨ᠎ᠠ᠃ ᠵᠢᠱᠢᠶᠡᠯᠡᠪᠡᠯ᠄ ᠵᠢᠨᠢᠩ ᠤᠨ ᠡᠳ᠋ ᠤᠨ ᠵᠠᠰᠠᠭ᠂ ᠰᠢᠩ ᠾᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠠᠭ ᠦᠶ᠎ᠡ ᠶᠢᠨ ᠬᠠᠩᠭᠠᠯᠭ᠎ᠠ ᠶᠢᠨ ᠲᠠᠩᠬᠢᠮ ︵ᠳᠠᠭᠠᠯᠳᠤᠭᠤᠯᠤᠯ 2 ᠢ ᠦᠵᠡ︶᠃   2. ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠲᠡᠭᠦᠯᠳᠡᠷ ᠪᠤᠰᠤ᠂ ᠬᠢᠨᠠᠨ ᠬᠠᠮᠢᠶᠠᠷᠴᠤ ᠪᠠᠶᠢᠴᠠᠭᠠᠬᠤ ᠠᠷᠭ᠎ᠠ ᠬᠡᠮᠵᠢᠶ᠎ᠡ ᠳᠤᠲᠠᠭᠳᠠᠵᠤ ᠪᠠᠶᠢᠨ᠎ᠠ᠃ ᠬᠡᠰᠡᠭ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠣᠯᠯᠠᠨ ᠡᠷᠭᠢᠯᠡᠬᠦ ᠰᠠᠯᠠᠭ᠎ᠠ ᠮᠥᠴᠢᠷ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠨᠢ ᠵᠢᠷᠤᠮᠵᠢᠯ ᠦᠭᠡᠢ᠂ ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠤᠭᠰᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠵᠤ᠂ ᠢᠯᠡᠷᠡᠭᠰᠡᠨ ᠪᠤᠷᠤᠭᠤ ᠦᠭᠡᠰ ᠤᠨ ᠠᠰᠠᠭᠤᠳᠠᠯ ᠤᠨ ᠬᠦᠨᠳᠦ ᠨᠣᠴᠢᠲᠠᠢ ᠴᠢᠨᠠᠷ ᠤᠨ ᠲᠤᠬᠠᠢ ᠲᠠᠨᠢᠯᠲᠠ ᠳᠤᠲᠠᠮᠠᠭ᠂ ᠵᠣᠭᠰᠣᠯᠲᠠ ᠥᠨᠳᠥᠷ ᠪᠢᠰᠢ᠂ ᠴᠡᠭᠴᠡᠯᠡᠨ ᠰᠠᠶᠢᠵᠢᠷᠠᠭᠤᠯᠤᠭᠰᠠᠨ ᠨᠢ ᠲᠤᠶᠢᠯᠪᠤᠷᠢᠲᠠᠢ ᠪᠢᠰᠢ ᠪᠠᠶᠢᠨ᠎ᠠ᠃ ᠵᠢᠱᠢᠶᠡᠯᠡᠪᠡᠯ᠄ ᠹᠸᠡᠭᠵᠧᠨ ᠬᠤᠳᠠ ᠶᠢᠨ ᠵᠠᠰᠠᠭ ᠤᠨ ᠣᠷᠳᠣᠨ᠂ ᠰᠢᠩ ᠾᠧ ᠰᠢᠶᠠᠨ ᠤ ᠵᠠᠰᠠᠭ ᠤᠨ ᠣᠷᠳᠣᠨ᠂ ᠬᠠᠤᠯᠢ ᠴᠠᠭᠠᠵᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠃ ᠢᠯᠠᠩᠭᠤᠶ᠎ᠠ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠼᠤᠤᠮᠢᠨ ᠤ ᠮᠡᠳᠡᠭᠡ ᠵᠠᠩᠭᠢ 227 ᠵᠤᠷᠪᠤᠰ ᠥᠨᠳᠥᠷ ᠪᠠᠶᠢᠨ᠎ᠠ ︵ᠳᠠᠭᠠᠯᠳᠤᠭᠤᠯᠤᠯ 3᠂ ᠳᠠᠭᠠᠯᠳᠤᠭᠤᠯᠤᠯ 4 ᠶᠢ ᠦᠵᠡ︶᠃ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ   ︵ᠨᠢᠭᠡ︶ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠠᠭᠤᠯᠭ᠎ᠠ ᠶᠢᠨ ᠪᠣᠭᠤᠮᠲᠠ ᠶᠢ ᠴᠢᠩᠭ᠎ᠠ ᠠᠳᠬᠤᠨ᠎ᠠ᠃   ᠡᠯ᠎ᠡ ᠰᠠᠯᠠᠭ᠎ᠠ ᠮᠥᠴᠢᠷ ᠤᠳ ᠮᠡᠳᠡᠭᠡ ᠵᠠᠩᠭᠢ ᠨᠡᠶᠢᠲᠡᠯᠡᠬᠦ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠨ ᠲᠣᠳᠣᠷᠬᠠᠶᠢᠯᠠᠨ᠂ ᠠᠵᠢᠯᠲᠠᠨ ᠢᠶᠠᠨ ᠭᠦᠢᠴᠡᠳ ᠲᠣᠬᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠤᠷᠪᠤᠰ ᠳᠠᠷᠠᠭᠠᠯᠠᠨ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠢᠰᠢᠳᠠ ᠶᠢᠨ ᠠᠵᠢᠯ ᠤᠨ ᠳᠤᠮᠳᠠ ᠪᠠᠨ ᠠᠭᠤᠯᠭ᠎ᠠ ᠶᠢ ᠨᠡᠶᠢᠲᠡᠯᠡᠵᠦ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠵᠢᠷᠤᠮᠯᠠᠵᠤ᠂ ︽ᠬᠡᠨ ᠨᠡᠶᠢᠲᠡᠯᠡᠪᠡᠯ ᠭᠡᠨ ᠬᠠᠷᠢᠭᠤᠴᠠᠬᠤ︾᠂ ︽ᠤᠷᠢᠳ ᠢᠶᠠᠷ ᠬᠢᠨᠠᠵᠤ ᠲᠠᠷᠠᠭ᠎ᠠ  ᠨᠢ ᠲᠠᠷᠬᠠᠭᠠᠬᠤ︾᠂ ︽ᠭᠤᠷᠪᠠ ᠶᠢ ᠬᠢᠨᠠᠵᠤ ᠭᠤᠷᠪᠠ ᠶᠢ ᠬᠠᠷᠭᠤᠭᠤᠯᠬᠤ︾ ᠱᠠᠭᠠᠷᠳᠠᠯᠭ᠎ᠠ ᠶᠣᠰᠣᠭᠠᠷ᠂ ᠤᠯᠤᠰ ᠲᠦᠷᠤ ᠶᠢᠨ ᠪᠣᠭᠤᠮᠲᠠ᠂ ᠬᠠᠤᠯᠢ ᠴᠠᠭᠠᠵᠠ ᠶᠢᠨ ᠪᠣᠭᠤᠮᠲᠠ᠂ ᠲᠦᠷᠤ ᠶᠢᠨ ᠪᠣᠳᠣᠯᠭ᠎ᠠ ᠶᠢᠨ ᠪᠣᠭᠤᠮᠲᠠ᠂ ᠨᠢᠭᠤᠴᠠ ᠶᠢ ᠬᠠᠮᠠᠭᠠᠯᠠᠬᠤ ᠪᠣᠭᠤᠮᠲᠠ᠂ ᠦᠰᠦᠭ ᠪᠢᠴᠢᠭ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠦᠨᠳᠦᠰᠦ ᠰᠤᠷᠪᠤᠯᠵᠢ ᠠᠴᠠ ᠨᠢ ᠮᠡᠳᠡᠭᠡ ᠵᠠᠩᠭᠢ ᠶᠢᠨ ᠠᠭᠤᠯᠭ᠎ᠠ   ᠶᠢᠨ ᠶᠠᠰᠤ ᠴᠢᠨᠠᠷ ᠢ ᠡᠵᠡᠮᠳᠡᠵᠦ᠂ ᠠᠭᠤᠯᠭ᠎ᠠ   ᠶᠢᠨ ᠵᠥᠪ ᠣᠨᠣᠪᠴᠢᠲᠠᠶ ᠪᠠᠶᠢᠬᠤ   ᠶᠢ ᠦᠨᠡᠨᠬᠦ ᠪᠠᠲᠤᠯᠠᠵᠤ᠂ ᠵᠢᠷᠤᠮᠵᠢᠭᠤᠨ ᠲᠣᠭᠠᠴᠢᠭᠰᠠᠨ ᠤ ᠳᠠᠷᠠᠭ᠎ᠠ ᠰᠠᠶ᠋ᠢ ᠨᠡᠶᠢᠲᠡᠯᠡᠵᠦ ᠪᠣᠯᠣᠨ᠎ᠠ᠃ ᠭᠤᠷᠪᠠᠳᠠᠭᠢ ᠡᠲᠡᠭᠡᠳ ᠤᠨ ᠬᠠᠩᠭᠠᠭᠰᠠᠨ ᠪᠤᠷᠤᠭᠤ ᠦᠭᠡ ᠶᠢ ᠬᠢᠨᠠᠨ ᠬᠡᠮᠵᠢᠭᠰᠡᠨ ᠦᠷ᠎ᠡ ᠳ᠋ᠦᠩ ᠢ ᠳᠡᠭᠡᠷ᠎ᠡ ᠳᠣᠣᠷᠠᠬᠢ ᠠᠭᠤᠯᠭ᠎ᠠ ᠲᠠᠢ ᠤᠶᠠᠯᠳᠤᠭᠤᠯᠤᠨ ᠨᠠᠷᠢᠨ ᠨᠢᠮᠪᠠᠢ ᠢᠯᠭᠠᠨ ᠲᠣᠳᠣᠯᠠᠵᠤ᠂ ᠬᠢᠨᠠᠮᠠᠭᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃   ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃   ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ᠲᠠᠩᠰᠠᠨ ᠤ ᠨᠣᠮᠧᠷ ᠢ ᠡᠳᠦᠷ ᠲᠤᠲᠤᠮ ᠤᠨ ᠰᠢᠨᠡᠳᠬᠡᠬᠦ ᠪᠠ ᠡᠷᠬᠡ ᠰᠦᠷᠲᠦ ᠮᠡᠳᠡᠭᠡ ᠵᠠᠩᠭᠢ ᠶᠢ ᠰᠢᠯᠵᠢᠭᠦᠯᠦᠨ ᠨᠡᠶᠢᠲᠡᠯᠡᠬᠦ ᠠᠵᠢᠯ ᠢ ᠰᠠᠶᠢᠲᠤᠷ ᠬᠢᠨ᠎ᠡ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠡᠭᠡᠭᠡᠬᠦ᠂ ᠬᠤᠪᠢᠷᠠᠭᠤᠯᠬᠤ᠂ ᠬᠠᠭᠠᠵᠤ ᠵᠣᠭᠰᠤᠭᠠᠬᠤ᠂ ᠬᠦᠴᠦᠨ ᠦᠭᠡᠢ ᠪᠣᠯᠭᠠᠬᠤ ᠴᠤᠪᠤᠷᠠᠯ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠣᠷᠬᠢᠭᠳᠠᠭᠤᠯᠬᠤ ᠦᠭᠡᠢ᠂ ᠮᠡᠳᠡᠭᠦᠯᠬᠦ ᠶᠣᠰᠣᠲᠠᠢ ᠶᠢ ᠨᠢ ᠴᠥᠮ ᠮᠡᠳᠡᠭᠦᠯᠵᠦ᠂ ᠲᠣᠰ ᠰᠢᠰᠲ᠋ᠧᠮ ᠤᠨ ᠪᠦᠬᠦ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ︾ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠬᠥᠭᠵᠢᠯᠲᠡ ᠶᠢ ᠴᠢᠩᠭᠠᠳᠬᠠᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃   ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠢ᠃ ᠲᠤᠰᠬᠠᠢ ᠲᠤᠰᠢᠶᠠᠯᠲᠤ ᠠᠵᠢᠯᠲᠠᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠤᠨ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠢᠳᠡᠪᠬᠢᠲᠡᠢ ᠥᠷᠨᠢᠭᠦᠯᠬᠦ ᠬᠡᠷᠡᠭᠲᠡᠢ ᠃ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ 2023 ᠣᠨ ᠤ ᠬᠤᠶᠠᠳᠤᠭᠠᠷ ᠤᠯᠠᠷᠢᠯ ᠤᠨ ᠵᠠᠷᠯᠠᠯ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠵᠠᠷᠯᠠᠯ ᠢ ᠳᠣᠷᠣᠭᠰᠢ ᠲᠠᠷᠬᠠᠭᠠᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠲᠤ ᠬᠠᠷᠢᠭᠤ ᠮᠡᠳᠡᠭᠦᠯᠦᠭᠡᠷᠡᠢ᠃ᠳᠠᠭᠠᠯᠳᠤᠭᠤᠯᠤᠯ᠄   1. 2023 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠶᠢ ᠪᠠᠶᠢᠴᠠᠭᠠᠭᠰᠠᠨ ᠪᠠᠶᠢᠳᠠᠯ   2. 2023 ᠣᠨ ᠤ ᠬᠤᠶᠠᠳᠤᠭᠠᠷ ᠤᠯᠠᠷᠢᠯ ᠤᠨ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠬᠦ ᠦᠭᠡᠢ ᠳᠠᠩᠰᠠᠨ ᠨᠣᠮᠧᠷ ᠤᠨ ᠬᠤᠷᠢᠶᠠᠩᠭᠤᠢ ᠪᠠᠶᠢᠳᠠᠯ   3. 2023 ᠣᠨ ᠤ ᠬᠤᠶᠠᠳᠤᠭᠠᠷ ᠤᠯᠠᠷᠢᠯ ᠳᠤ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠦᠨᠳᠦ ᠨᠣᠴᠢᠲᠠᠢ ᠪᠤᠷᠤᠭᠤ ᠦᠭᠡᠰ ᠢ ᠪᠠᠶᠢᠴᠠᠭᠠᠭᠰᠠᠨ ᠪᠠᠶᠢᠳᠠᠯ   4. 2023 ᠣᠨ ᠤ ᠬᠤᠶᠠᠳᠤᠭᠠᠷ ᠤᠯᠠᠷᠢᠯ ᠳᠤ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠦᠨᠳᠦ ᠨᠣᠴᠢᠲᠠᠢ ᠪᠤᠷᠤᠭᠤ ᠦᠭᠡᠰ ᠢ ᠪᠠᠶᠢᠴᠠᠭᠠᠭᠰᠠᠨ ᠪᠠᠶᠢᠳᠠᠯ   ᠬᠠᠷᠢᠯᠴᠠᠬᠤ ᠬᠥᠮᠥᠨ᠄ ᠵᠠᠩ ᡁᠢ ᠪᠢᠨ ︵ᠰᠦᠯᠵᠢᠶᠡᠨ ᠤ ᠥᠷᠲᠡᠭᠡ︶ ᠶᠠᠩ ᠰᠢᠶᠣᠣ ︵ᠰᠢᠨ᠎ᠡ ᠵᠠᠭᠤᠴᠢᠯᠠᠭᠤᠷ︶   ᠬᠠᠷᠢᠯᠴᠠᠬᠤ ᠬᠡᠯᠪᠡᠷᠢ᠄ 8320776 8320105 ︵ᠹᠠᠺᠰ︶   ᠰᠢᠤᠳᠠᠨ ᠬᠠᠶᠢᠷᠴᠠᠭ᠄ zwgkb636@163.com                                                   2023 ᠣᠨ ᠤ 6 ᠰᠠᠷ᠎ᠠ ᠶᠢᠨ 23ᠳᠠᠭᠠᠯᠳᠤᠭᠤᠯᠤᠯ 1᠄ 2023 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠠᠶᠢᠴᠠᠭᠠᠭᠰᠠᠨ ᠪᠠᠶᠢᠳᠠᠯᠳ᠋ᠤᠭᠠᠷ᠂ ᠭᠠᠵᠠᠷ ᠣᠷᠣᠨ ︵ᠰᠠᠯᠠᠭ᠎ᠠ ᠮᠦᠴᠢᠷ︶᠂ ᠰᠦᠯᠵᠢᠶᠡᠨ ᠥᠷᠲᠡᠭᠡ ᠶᠢᠨ ᠶᠡᠷᠦᠩᠬᠡᠢ ᠲᠤᠭ᠎ᠠ᠂ ᠰᠤᠭᠤᠴᠢᠨ ᠪᠠᠶᠢᠴᠠᠭᠠᠬᠤ ᠰᠦᠯᠵᠢᠶᠡᠨ ᠥᠷᠲᠡᠭᠡ ᠶᠢᠨ ᠲᠤᠭ᠎ᠠ᠂ ᠬᠢᠷᠢ ᠲᠡᠩᠴᠡᠬᠦ ᠦᠭᠡᠢ ᠰᠦᠯᠵᠢᠶᠡᠨ ᠥᠷᠲᠡᠭᠡ ᠶᠢᠨ ᠲᠤᠭ᠎ᠠ᠃   1. ᠤᠯᠠᠭᠠᠨᠴᠠᠪ ᠬᠤᠲᠠ᠂ 1᠂ 1᠂ 0᠃   2. ᠬᠤᠳᠠ ᠶᠢᠨ ᠰᠢᠭᠤᠳ ᠬᠠᠷᠢᠶ᠎ᠠ ᠨᠢᠭᠡᠴᠢ᠂ 33᠂ 33᠂ 0᠃   3. ᠵᠢᠨᠢᠩ ᠲᠣᠭᠤᠷᠢᠭ᠂ 1᠂ 1᠂ 0᠃   4. ᠹᠸᠡᠭᠵᠧᠨ ᠬᠤᠳᠠ᠂ 1᠂ 1᠂ 0᠃   5. ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ 1᠂ 1᠂ 0᠃   6. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ 1᠂ 1᠂ 0᠃   7. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ 1᠂ 1᠂ 1᠃   8. ᠳᠥᠷᠪᠡᠳ ᠬᠤᠰᠢᠭᠤ᠂ 1᠂ 1᠂ 1᠃   9. ᠵᠦᠸᠧᠽᠢ ᠰᠢᠶᠠᠨ᠂ 1᠂ 1᠂ 0᠃   10. ᠯᠢᠶᠡᠩᠴᠧᠩ ᠰᠢᠶᠠᠨ᠂ 1᠂ 1᠂ 0᠃   11. ᠰᠢᠩᠾᠧ ᠰᠢᠶᠠᠨ᠂ 1᠂ 1᠂ 0᠃   12. ᠱᠠᠩᠳᠤ ᠰᠢᠶᠠᠨ᠂ 1᠂ 1᠂ 1᠃   13. ᠬᠤᠸᠠᠳᠧ ᠰᠢᠶᠠᠨ᠂ 1᠂ 1᠂ 0᠃ᠨᠡᠶᠢᠲᠡ 45᠂ 45᠂ 3᠃            ︵ᠬᠢᠨᠠᠨ ᠬᠡᠮᠵᠢᠭᠰᠡᠨ ᠴᠠᠭ 2023 ᠣᠨ ᠤ 6 ᠰᠠᠷ᠎ᠠ ᠶᠢᠨ 12 ᠤᠨ ᠡᠳᠦᠷ ᠪᠣᠯᠲᠠᠯ᠎ᠠ︶ᠳᠠᠭᠠᠯᠳᠤᠭᠤᠯᠤᠯ 2᠄ 2023 ᠣᠨ ᠤ ᠬᠤᠶᠠᠳᠤᠭᠠᠷ ᠤᠯᠠᠷᠢᠯ ᠤᠨ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠬᠦ ᠦᠭᠡᠢ ᠲᠠᠩᠰᠠᠨ ᠨᠣᠮᠧᠷ ᠤᠨ ᠬᠤᠷᠢᠶᠠᠩᠭᠤᠢ ᠪᠠᠶᠢᠳᠠᠯᠳ᠋ᠤᠭᠠᠷ᠂ ᠲᠠᠩᠰᠠᠨ ᠨᠣᠮᠧᠷ ᠤᠨ ᠨᠡᠷᠡᠶᠢᠳᠦᠯ᠂ ᠭᠡᠷᠡᠴᠢᠯᠡᠯ ᠤᠨ ᠭᠤᠣᠯ ᠴᠣᠭᠴᠠ᠂ ᠲᠠᠩᠰᠠᠨ ᠨᠣᠮᠧᠷ ᠤᠨ ᠲᠥᠷᠥᠯ ᠬᠡᠯᠪᠡᠷᠢ᠂ ᠲᠣᠭᠤᠷᠢᠭ ᠰᠢᠶᠠᠨ/ᠣᠷᠣᠨ ᠨᠤᠲᠤᠭ ᠤᠨ ᠰᠠᠯᠠᠭ᠎ᠠ ᠮᠥᠴᠢᠷ᠂ ᠬᠢᠷᠢ ᠲᠡᠩᠴᠡᠭᠰᠡᠨ ᠦᠭᠡᠢ ᠰᠢᠯᠲᠠᠭᠠᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠃   2. ᠵᠢᠨᠢᠩ ᠤᠨ ᠡᠳ᠋ ᠤᠨ ᠵᠠᠰᠠᠭ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠸᠢᠴᠠᠲ ᠤᠨ ᠵᠠᠬᠢᠶᠠᠯᠠᠭ᠎ᠠ ᠶᠢᠨ ᠳ᠋ᠤᠭᠠᠷ᠂ ᠵᠢᠨᠢᠩ ᠲᠣᠭᠤᠷᠢᠭ ᠢ ᠬᠤᠭᠤᠴᠠᠭ᠎ᠠ ᠥᠩᠭᠡᠷᠡᠲᠡᠯ᠎ᠡ ᠰᠢᠨᠡᠳᠭᠡᠭᠰᠡᠨ ᠦᠭᠡᠢ᠂ ᠨᠢᠭᠡᠨᠲᠡ ᠰᠢᠨᠡᠳᠬᠡᠪᠡ᠃   3. ᠰᠢᠩ ᠾᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠩ ᠾᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠸᠢᠴᠠᠲ ᠤᠨ ᠵᠠᠬᠢᠶᠠᠯᠠᠭ᠎ᠠ ᠶᠢᠨ ᠳ᠋ᠤᠭᠠᠷ᠂ ᠰᠢᠩ ᠾᠧ ᠰᠢᠶᠠᠨ ᠢ ᠬᠤᠭᠤᠴᠠᠭ᠎ᠠ ᠥᠩᠭᠡᠷᠡᠲᠡᠯ᠎ᠡ ᠰᠢᠨᠡᠳᠭᠡᠭᠰᠡᠨ ᠦᠭᠡᠢ᠃   4. ᠴᠠᠭ ᠦᠶ᠎ᠡ ᠶᠢᠨ ᠬᠠᠩᠭᠠᠯᠭ᠎ᠠ ᠶᠢᠨ ᠲᠠᠩᠬᠢᠮ᠂ ᠳᠥᠷᠪᠡᠳ ᠬᠤᠰᠢᠭᠤᠨ ᠤ ᠬᠠᠩᠭᠠᠯᠭ᠎ᠠ ᠶᠢᠨ ᠲᠠᠩᠬᠢᠮ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠸᠢᠴᠠᠲ ᠤᠨ ᠦᠢᠯᠡᠴᠢᠯᠡᠭᠡᠨ ᠤ ᠨᠣᠮᠧᠷ᠂ ᠳᠥᠷᠪᠡᠳ ᠬᠤᠰᠢᠭᠤ ᠶᠢ ᠬᠤᠭᠤᠴᠠᠭ᠎ᠠ ᠥᠩᠭᠡᠷᠡᠲᠡᠯ᠎ᠡ ᠰᠢᠨᠡᠳᠭᠡᠭᠰᠡᠨ ᠦᠭᠡᠢ᠃         ︵ᠬᠢᠨᠠᠨ ᠬᠡᠮᠵᠢᠬᠦ ᠴᠠᠭ 2023 ᠣᠨ ᠤ 6 ᠰᠠᠷ᠎ᠠ ᠶᠢᠨ 12 ᠤᠨ ᠡᠳᠦᠷ ᠰᠤᠭᠤᠴᠢᠨ ᠪᠠᠶᠢᠴᠠᠭᠠᠨ᠎ᠠ︶ᠳᠠᠭᠠᠯᠳᠤᠭᠤᠯᠤᠯ 3᠄ 2023 ᠣᠨ ᠤ ᠬᠤᠶᠠᠳᠤᠭᠠᠷ ᠤᠯᠠᠷᠢᠯ ᠳᠤ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠦᠨᠳᠦ ᠨᠣᠴᠢᠲᠠᠢ ᠪᠤᠷᠤᠭᠤ ᠦᠭᠡᠰ ᠤᠨ ᠪᠠᠶᠢᠴᠠᠭᠠᠯᠲᠠ ᠶᠢᠨ ᠪᠠᠶᠢᠳᠠᠯᠭᠠᠵᠠᠷ ᠣᠷᠣᠨ ︵ᠰᠠᠯᠠᠭ᠎ᠠ ᠮᠥᠴᠢᠷ  ︶᠂ ᠰᠢᠨ᠎ᠡ ᠵᠠᠭᠤᠴᠢᠯᠠᠭᠤᠷ ᠤᠨ ᠶᠡᠷᠦᠩᠬᠡᠢ ᠲᠤᠭ᠎ᠠ᠂ ᠰᠣᠩᠭᠤᠨ ᠪᠠᠶᠢᠴᠠᠭᠠᠬᠤ ᠰᠢᠨ᠎ᠡ ᠵᠠᠭᠤᠴᠢᠯᠠᠭᠤᠷ ᠤᠨ ᠲᠤᠭ᠎ᠠ᠂ ᠬᠦᠨᠳᠦ ᠨᠣᠴᠢᠲᠠᠢ ᠪᠤᠷᠤᠭᠤ ᠦᠭᠡ ᠶᠢᠨ ᠮᠡᠳᠡᠭᠡ ᠵᠠᠩᠭᠢ ᠶᠢᠨ ᠵᠤᠷᠪᠤᠰ ᠤᠨ ᠲᠤᠭ᠎ᠠ᠃   ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ 88᠂ 88᠂ 145᠃   ᠵᠢᠨᠢᠩ ᠲᠣᠭᠤᠷᠢᠭ᠂ 47᠂ 47᠂ 227᠃   ᠹᠸᠡᠭᠵᠧᠨ ᠬᠤᠳᠠ᠂ 43᠂ 43᠂ 33᠃   ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ 23᠂ 23᠂ 1᠃   ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ 28᠂ 28᠂ 23᠃   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ 27᠂ 27᠂ 14᠃   ᠳᠥᠷᠪᠡᠳ ᠬᠤᠰᠢᠭᠤ᠂ 18᠂ 18᠂ 20᠃   ᠵᠦᠸᠧᠽᠢ ᠰᠢᠶᠠᠨ᠂ 21᠂ 21᠂ 14᠃   ᠯᠢᠶᠡᠩᠴᠧᠩ ᠰᠢᠶᠠᠨ᠂ 19᠂ 19᠂ 14᠃   ᠰᠢᠩ ᠾᠧ ᠰᠢᠶᠠᠨ᠂ 32᠂ 32᠂ 54᠃   ᠱᠠᠩᠳᠤ ᠰᠢᠶᠠᠨ᠂ 24᠂ 24᠂ 10᠃   ᠬᠤᠸᠠᠳᠧ ᠰᠢᠶᠠᠨ᠂ 18᠂ 18᠂ 13᠃ᠨᠡᠶᠢᠲᠡ 388᠂ 388᠂ 568 ᠪᠣᠯᠣᠨ᠎ᠠ᠃           ︵ᠬᠢᠨᠠᠨ ᠬᠡᠮᠵᠢᠬᠦ ᠴᠠᠭ 2023 ᠣᠨ ᠤ 3 ᠰᠠᠷ᠎ᠠ ᠶᠢᠨ 1 ᠤ ᠡᠳᠦᠷ ︱ 6 ᠰᠠᠷ᠎ᠠ ᠶᠢᠨ 12 ᠤᠨ ᠡᠳᠦᠷ︶ᠳᠠᠭᠠᠯᠳᠤᠭᠤᠯᠤᠯ 4᠄ 2023 ᠣᠨ ᠤ ᠬᠤᠶᠠᠳᠤᠭᠠᠷ ᠤᠯᠠᠷᠢᠯ ᠳᠤ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠦᠨᠳᠦ ᠨᠣᠴᠢᠲᠠᠢ ᠪᠤᠷᠤᠭᠤ ᠦᠭᠡᠰ ᠢ ᠪᠠᠶᠢᠴᠠᠭᠠᠭᠰᠠᠨ ᠪᠠᠶᠢᠳᠠᠯᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠨ᠎ᠡ ᠵᠠᠭᠤᠴᠢᠯᠠᠭᠤᠷ ᠤᠨ ᠶᠡᠷᠦᠩᠬᠡᠢ ᠲᠤᠭ᠎ᠠ᠂ ᠬᠦᠨᠳᠦ ᠨᠣᠴᠢᠲᠠᠢ ᠪᠤᠷᠤᠭᠤ ᠦᠭᠡᠰ ᠤᠨ ᠮᠡᠳᠡᠭᠡ ᠵᠠᠩᠭᠢ ᠶᠢᠨ ᠵᠤᠷᠪᠤᠰ ᠤᠨ ᠲᠤᠭ᠎ᠠ᠃   ᠤᠯᠠᠭᠠᠨᠴᠠᠪ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ᠂ 3᠂ 16᠃   ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ 1᠂ 16᠃   ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ 3᠂ 12᠃   ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ 2᠂ 11᠃   ᠤᠯᠠᠭᠠᠨᠴᠠᠪ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ 19᠂ 11᠃   ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ 2᠂ 10᠃   ᠤᠯᠠᠭᠠᠨᠴᠠᠪ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ 1᠂ 9᠃   ᠤᠯᠠᠭᠠᠨᠴᠠᠪ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ 23᠂ 9᠃   ᠤᠯᠠᠭᠠᠨᠴᠠᠪ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ 1᠂ 8᠃   ᠤᠯᠠᠭᠠᠨᠴᠠᠪ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ 1᠂ 8᠃   ᠥᠪᠥᠷ ᠮᠣᠩᠭᠤᠯ ᠤᠨ ᠴᠠᠬᠠᠷ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ 1᠂ 6᠃   ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ 1᠂ 5   ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ 1᠂ 5᠃   ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ 4᠂ 3᠃   ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ 1᠂ 3᠃   ᠤᠯᠠᠭᠠᠨᠴᠠᠪ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ 1᠂ 3᠃   ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ 1᠂ 3᠃   ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ 1᠂ 2᠃   ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ 1᠂ 1᠃   ᠤᠯᠠᠭᠠᠨᠴᠠᠪ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ 1᠂ 1᠃   ᠤᠯᠠᠭᠠᠨᠴᠠᠪ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ 1᠂ 1᠃   ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ 1᠂ 1᠃   ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ 1᠂ 1᠃ᠨᠡᠶᠢᠳᠡ᠄  72᠂ 145᠃                                   ᠤᠷᠴᠢᠭᠤᠯᠤᠭᠴᠢ᠄ ᠢᠷᠭᠤᠢ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2