ᠪᠡᠭᠡᠵᠢᠩ ᠬᠤᠲᠠ ᠶᠢᠨ ᠬᠤᠸᠠᠢ ᠷᠧᠦ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠬᠤᠲᠠ ᠳᠤ  ᠢᠷᠡᠵᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/7/5
 7 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠬᠤᠸᠠᠢ ᠷᠧᠦ  ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠬᠤᠲᠠ ᠳᠤ ᠢᠷᠡᠵᠦ ᠵᠡᠭᠦᠨ ᠪᠠᠷᠠᠭᠤᠨ ᠣᠷᠣᠨ ᠤ  ᠬᠠᠮᠵᠢᠯᠴᠠᠭᠠᠨ ᠤ ᠠᠵᠢᠯ ᠢ ᠵᠣᠯᠭᠠᠭᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠬᠤᠸᠠᠢ ᠷᠧᠦ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠬᠤᠸᠠᠢ ᠷᠧᠦ ᠰᠢᠨᠵᠢᠯᠡᠬᠦ ᠤᠬᠠᠭᠠᠨ ᠤ  ᠬᠤᠳᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠭᠦᠸᠧ ᠶᠠᠨ ᠬᠤᠩ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠤ  ᠰᠣᠯᠢᠯᠴᠠᠭ᠎ᠠ ᠬᠥᠮᠥᠵᠢᠭᠦᠯᠦᠯ᠂ ᠰᠤᠷᠭᠠᠨ ᠬᠥᠮᠦᠵᠢᠯ ᠡᠮ ᠡᠮᠨᠡᠯᠭᠡ ᠶᠢᠨ ᠬᠠᠮᠲᠤᠷᠠᠯᠴᠠᠭ᠎ᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠶᠢᠨ ᠲᠣᠭᠤᠷᠢᠨ ᠳᠤ ᠭᠦᠨᠵᠡᠭᠡᠢ ᠰᠣᠯᠢᠯᠴᠠᠵᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠵᠢᠯᠴᠠᠨ ᠬᠥᠭᠵᠢᠬᠦ ᠰᠢᠨ᠎ᠡ ᠬᠠᠭᠤᠳᠠᠰᠤ ᠶᠢ ᠬᠠᠮᠲᠤᠪᠠᠷ  ᠪᠢᠴᠢᠭᠯᠡᠵᠡᠢ᠃     ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠬᠤᠸᠠᠢ ᠷᠧᠦ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠸᠠᠢ ᠷᠧᠦ ᠲᠣᠭᠤᠷᠢᠭ ᠤᠨ ᠤᠯᠠᠭᠠᠨᠴᠠᠪ ᠢ ᠬᠠᠯᠠᠮᠵᠢᠯᠠᠭᠰᠠᠭᠠᠷ ᠢᠷᠡᠭᠰᠡᠨ᠂ ᠢᠯᠠᠩᠭᠤᠶ᠎ᠠ ᠳᠥᠷᠪᠡᠳ ᠬᠤᠰᠢᠭᠤ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠶᠢᠷ᠎ᠠ ᠶᠢᠨ  ᠵᠢᠯ ᠠᠴᠠ᠂ ᠤᠯᠠᠭᠠᠨᠴᠠᠪ ᠬᠤᠳᠠ ᠪᠣᠯᠣᠨ ᠬᠤᠸᠠᠢ ᠷᠧᠦ ᠲᠣᠭᠤᠷᠢᠭ ᠤᠨ ᠬᠢᠨ ᠠᠵᠤ ᠦᠢᠯᠡᠰ ᠤᠨ ᠬᠠᠮᠵᠢᠯᠴᠠᠭ᠎ᠠ᠂  ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠬᠡᠷᠡᠭᠯᠡᠭᠡᠨ ᠤ ᠬᠠᠮᠵᠢᠯᠴᠠᠭ᠎ᠠ ᠪᠣᠯᠣᠨ ᠴᠢᠳᠠᠪᠤᠷᠢᠲᠠᠨ ᠤ ᠰᠣᠯᠢᠯᠴᠠᠭ᠎ᠠ ᠬᠠᠮᠵᠢᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂ ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂  ᠬᠤᠶᠠᠷ ᠭᠠᠵᠠᠷ ᠤᠨ ᠬᠡᠷᠡᠭᠴᠡᠭᠡ᠂ ᠤᠯᠠᠭᠠᠨᠴᠠᠪ ᠤᠨ ᠴᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠠᠵᠤ ᠦᠢᠯᠡᠰ ᠤᠨ ᠬᠠᠮᠲᠤᠷᠠᠯᠴᠠᠭ᠎ᠠ᠂ ᠣᠷᠣᠨ ᠪᠦᠰᠡ ᠶᠢᠨ ᠬᠠᠮᠵᠢᠯᠴᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠮᠵᠢᠯᠴᠠᠬᠤ ᠵᠠᠭᠪᠤᠷ ᠢ ᠪᠠᠶᠠᠯᠢᠭᠵᠢᠭᠤᠯᠤᠨ ᠥᠷᠭᠡᠳᠬᠡᠵᠦ  ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠭᠡᠢ ᠡᠨᠧᠷᠭᠢ᠂  ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ︽ᠭᠤᠷᠪᠠᠨ ᠪᠣᠬᠢᠷᠳᠣᠯ ᠦᠭᠡᠢ ᠶᠢ ᠪᠡᠭᠡᠵᠢᠩ ᠳᠤ ᠣᠷᠣᠭᠤᠯᠬᠤ︾ ᠶᠢ ᠪᠦᠬᠦ ᠲᠠᠯ᠎ᠠ ᠪᠠᠷ ᠠᠬᠢᠭᠤᠯᠵᠤ᠂ ᠬᠤᠶᠠᠷ ᠲᠠᠯ᠎ᠠ ᠶᠢᠨ ᠬᠠᠮᠵᠢᠯᠴᠠᠭ᠎ᠠ ᠶᠢ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠵᠢᠯᠴᠠᠨ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠦ ᠬᠡᠯᠡᠪᠡ᠃     ᠭᠦᠸᠧ ᠶᠠᠨ ᠬᠤᠩ᠂ ᠬᠤᠸᠠᠢ ᠷᠧᠦ ᠲᠣᠭᠤᠷᠢᠭ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠤᠯᠠᠭᠠᠨᠴᠠᠪ ᠵᠢᠴᠢ ᠳᠥᠷᠪᠡᠳ ᠬᠤᠰᠢᠭᠤᠨ ᠤ ᠬᠥᠭᠵᠢᠯᠲᠡ ᠶᠢ ᠳᠡᠮᠵᠢᠵᠦ᠂ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠤᠯᠠᠭᠠᠨᠴᠠᠪ ᠬᠤᠲᠠ ᠯᠤᠭ᠎ᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠡᠮ ᠡᠮᠨᠡᠯᠭᠡ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢᠨ ᠲᠠᠯ᠎ᠠ ᠪᠠᠷ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ  ᠂ ᠨᠠᠩ ᠣᠯᠠᠨ ᠬᠤᠸᠠᠢ ᠷᠧᠦ ᠠᠵᠤ ᠠᠬᠤᠶᠢᠯᠠᠯ ᠤᠨ ᠤᠯᠠᠭᠠᠨᠴᠠᠪ ᠲᠤ ᠢᠷᠡᠵᠦ ᠪᠡᠯᠡ ᠣᠷᠣᠭᠤᠯᠤᠨ ᠦᠢᠯᠡᠰ  ᠬᠥᠭᠵᠢᠭᠦᠯᠬᠦ ᠶᠢ ᠵᠣᠷᠢᠭᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠨᠠᠩ ᠣᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ ᠶᠢ ᠭᠠᠷ ᠬᠤᠯᠪᠣᠨ ᠠᠬᠢᠭᠤᠯᠵᠤ᠂ ᠬᠤᠶᠠᠷ ᠭᠠᠵᠠᠷ ᠤᠨ ︽ᠠᠵᠢᠯ  ᠲᠥᠷᠥᠯ ᠢᠶᠠᠷ ᠢᠶᠠᠨ ᠬᠠᠪᠰᠤᠷᠤᠨ ᠲᠡᠳᠬᠦᠬᠦ︾ ᠪᠠᠶᠢᠭᠰᠠᠨ ᠠᠴᠠ ᠪᠠᠨ ︽ᠬᠠᠮᠵᠢᠯᠴᠠᠨ ᠬᠠᠮᠲᠤᠪᠠᠷ ᠠᠰᠢᠭ ᠭᠥᠷᠳᠡᠬᠦ︾ ᠪᠣᠯᠵᠤ ᠬᠤᠪᠢᠷᠠᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃     ᠬᠤᠸᠠᠢ ᠷᠧᠦ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ  ᠳᠡᠳ᠋ ᠳᠠᠷᠤᠭ᠎ᠠ ᠸᠠᠩ ᠵᠢᠶᠠᠨ ᠭᠠᠩ᠂ ᠬᠤᠲᠠ ᠶᠢᠨ ᠤᠳᠤᠷᠢᠳᠤᠯᠭ᠎ᠠ ᠯᠧᠢ ᠺᠦᠨ᠂ ᠯᠢᠦ ᠭᠦᠸᠧ ᠭᠠᠩ ᠣᠷᠣᠯᠴᠠᠵᠠᠢ  ᠃                                                                                  ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2