ᠤᠯᠠᠭᠠᠨᠴᠠᠪ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠲᠣᠭᠤᠷᠢᠭ ᠰᠢᠷᠡᠭᠡᠨ ᠤ  ᠬᠤᠷᠠᠯ ᠵᠢᠴᠢ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/6
  7 ᠰᠠᠷ᠎ᠠ ᠶᠢᠨ 4 ᠤ ᠡᠳᠦᠷ᠂ ᠤᠯᠠᠭᠠᠨᠴᠠᠪ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠲᠣᠭᠤᠷᠢᠭ ᠰᠢᠷᠡᠭᠡᠨ ᠤ ᠬᠤᠷᠠᠯ ᠵᠢᠴᠢ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠬᠤᠷᠠᠯᠳᠤᠪᠠ᠃  ᠤᠯᠤᠰ ᠤᠨ ᠳᠣᠲᠣᠭᠠᠳᠤ ᠶᠢᠨ ᠲᠣᠮᠣ ᠳ᠋ᠠᠶᠢᠲ᠋ᠠ᠂ ᠲᠣᠭᠠᠴᠢᠯᠠᠭᠰᠠᠨ ᠦᠢᠯᠡᠴᠢᠯᠡᠭᠡᠨ ᠤ ᠠᠵᠤ ᠦᠢᠯᠡᠰ ᠤᠨ  ᠬᠦᠷᠢᠶᠡᠨ ᠤ ᠨᠡᠶᠢᠭᠡᠮᠯᠢᠭ ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ  ᠵᠡᠷᠭᠡ 100 ᠭᠠᠷᠤᠢ ᠬᠥᠮᠥᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠤ᠂ ᠲᠣᠮᠣ ᠳ᠋ᠠᠶᠢᠲ᠋ᠠ ᠶᠢᠨ ᠠᠵᠤ  ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢ ᠬᠠᠮᠲᠤᠪᠠᠷ ᠰᠦᠪᠡᠭᠴᠢᠯᠡᠵᠦ᠂ ᠲᠣᠮᠣ ᠳ᠋ᠠᠶᠢᠲ᠋ᠠ ᠶᠢᠨ ᠬᠦᠷᠢᠶᠡᠨ ᠤ  ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠪᠡ᠃       ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠠᠢ  ᠶᠤᠸᠠᠢ ᠬᠤᠷᠠᠯ ᠳᠤ ᠣᠷᠣᠯᠴᠠᠪᠠ᠃       ᠴᠠᠢ ᠶᠤᠸᠠᠢ᠂ ᠤᠯᠠᠭᠠᠨᠴᠠᠪ ᠲᠤᠰ ᠪᠡᠶ᠎ᠡ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠠᠭᠤᠷ ᠠᠮᠢᠰᠬᠤᠯ  ᠰᠡᠷᠢᠭᠦᠨ ᠲᠠᠭᠠᠯᠠᠮᠵᠢᠲᠠᠢ᠂ ᠣᠷᠣᠨ ᠪᠠᠶᠢᠷᠢ ᠶᠢᠨ ᠳᠠᠪᠠᠭᠤᠯᠢᠭ ᠵᠡᠷᠭᠡ ᠤᠯᠠᠨ ᠠᠴᠠ ᠣᠨᠴᠠᠭᠠᠢ ᠳᠠᠪᠠᠭᠤᠯᠢᠭ ᠲᠠᠢ ᠪᠠᠨ  ᠤᠶᠠᠯᠳᠤᠭᠤᠯᠵᠤ᠂ ︽ᠲᠠᠯ᠎ᠠ ᠨᠤᠲᠤᠭ ᠤᠨ ᠡᠭᠦᠯᠡᠨ ᠬᠥᠨᠳᠡᠢ ᠤᠯᠠᠭᠠᠨᠴᠠᠪ︾ ᠤᠨ ᠭᠡᠷᠡᠯ ᠰᠠᠴᠤᠷᠠᠩᠭᠤᠢ ᠨᠡᠷ᠎ᠡ ᠶᠢᠨ  ᠬᠠᠭᠤᠳᠠᠰᠤ ᠶᠢ ᠡᠭᠦᠳᠴᠡᠢ᠃ ᠤᠯᠠᠭᠠᠨᠴᠠᠪ ᠡᠯ᠎ᠡ ᠠᠵᠤ ᠠᠬᠤᠶᠢᠯᠠᠯᠲᠠᠳ ᠤᠨ ᠤᠯᠠᠭᠠᠨᠴᠠᠪ ᠲᠤ ᠬᠦᠷᠴᠦ ᠰᠢᠨᠵᠢᠯᠡᠨ  ᠪᠠᠶᠢᠴᠠᠭᠠᠵᠤ ᠵᠥᠪᠳᠡᠯᠴᠡᠨ᠂ ᠪᠡᠯᠡ ᠣᠷᠣᠭᠤᠯᠤᠨ ᠦᠢᠯᠡᠰ ᠪᠣᠰᠬᠠᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ᠃  ᠤᠯᠠᠭᠠᠨᠴᠠᠪ ᠪᠠᠰᠠ ᠬᠠᠮᠤᠭ ᠤᠨ ᠰᠢᠯᠢᠳᠡᠭ ᠣᠷᠴᠢᠨ ᠨᠦᠬᠦᠴᠡᠯ᠂ ᠬᠠᠮᠤᠭ ᠤᠨ ᠰᠢᠯᠢᠳᠡᠭ ᠦᠢᠯᠡᠴᠢᠯᠡᠭᠡ᠂  ᠬᠠᠮᠤᠭ ᠤᠨ ᠬᠠᠷᠠᠭᠠᠯᠵᠠᠯ ᠲᠠᠢ ᠲᠦᠷᠦ ᠶᠢᠨ ᠪᠣᠳᠣᠯᠭ᠎ᠠ ᠪᠠᠷ ᠤᠯᠠᠨ ᠲᠠᠢ ᠬᠠᠮᠲᠤᠪᠠᠷ ᠠᠰᠢᠭ ᠬᠦᠷᠳᠡᠬᠦ ᠶᠢ ᠤᠭᠲᠤᠨ᠎ᠠ  ᠭᠡᠵᠦ ᠢᠯᠡᠷᠬᠡᠶᠢᠯᠡᠪᠡ᠃       ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ  ᠬᠠᠮᠲᠤᠷᠠᠯᠴᠠᠭᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠠᠨ ᠤ ᠬᠤᠳᠠ ᠶᠢᠨ ᠬᠥᠭᠵᠢᠯᠲᠡ ᠶᠢᠨ  ᠲᠣᠶᠢᠮᠣ ᠪᠠᠶᠢᠳᠠᠯ᠂ ᠬᠥᠭᠵᠢᠯᠲᠡ ᠶᠢᠨ ᠲᠥᠯᠦᠪᠵᠢᠭᠦᠯᠭᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠵᠡᠷᠭᠡ  ᠲᠠᠯ᠎ᠠ ᠶᠢᠨ ᠲᠣᠭᠤᠷᠢᠨ ᠳᠤ ᠲᠠᠨᠢᠯᠴᠠᠭᠤᠯᠭ᠎ᠠ ᠬᠢᠵᠡᠢ᠃ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ  ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ︵ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ ᠤᠨ  ᠬᠠᠷᠢᠭᠤᠴᠠᠯᠭᠠᠲᠠᠨ ᠠᠴᠠ ᠮᠠᠨ ᠤ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠢ ᠬᠥᠭᠵᠢᠭᠦᠯᠬᠦ ᠥᠪᠡᠷᠮᠢᠴᠡ  ᠳᠠᠪᠠᠭᠤᠯᠢᠭ ᠵᠢᠴᠢ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠬᠤᠸᠠ ᠸᠧᠢ ᠶᠢᠨ ᠲᠣᠭᠠᠴᠢᠯᠠᠭᠰᠠᠨ ᠡᠨᠧᠷᠭᠢ ᠶᠢᠨ ᠥᠪᠥᠷ ᠮᠣᠩᠭᠤᠯ ᠤᠨ ᠲᠥᠯᠥᠭᠡᠯᠡᠭᠴᠢ ᠶᠢᠨ  ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠤ ᠠᠬᠤᠶᠢᠯᠠᠯ ᠤᠨ ᠮᠠᠨ ᠤ ᠬᠤᠲᠠ ᠳᠠᠬᠢ ᠡᠵᠡᠩᠨᠡᠯᠲᠡ  ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠵᠠᠰᠠᠭ ᠠᠵᠤ ᠠᠬᠤᠶᠢᠯᠠᠯ ᠤᠨ ᠰᠣᠯᠢᠯᠴᠠᠭᠠᠨ ᠤ ᠭᠤᠭᠴᠤᠭ᠎ᠠ ᠳᠤ᠂  ᠴᠢ ᠯᠢᠨ ᠵᠥᠭᠡᠯᠡᠨ ᠲᠣᠨᠤᠭ ᠤᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠬᠤᠲᠠ ᠶᠢᠨ ᠰᠢᠭᠤᠳ  ᠬᠠᠷᠢᠶ᠎ᠠ ᠰᠠᠯᠠᠭ᠎ᠠ ᠮᠥᠴᠢᠷ ᠲᠠᠢ ᠠᠵᠤ ᠦᠢᠯᠡᠰ ᠤᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂  ᠠᠵᠢᠯ ᠲᠥᠷᠥᠯ ᠤᠨ ᠡᠬᠢ ᠪᠠᠶᠠᠯᠢᠭ ᠢ ᠵᠣᠯᠭᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ  ᠰᠣᠯᠢᠯᠴᠠᠵᠤ᠂ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠭᠤᠸᠠᠩᠳᠦ᠋ᠩ  ᠮᠤᠵᠢ ᠶᠢᠨ ᠴᠠᠬᠢᠯᠭᠠᠨ ᠬᠦᠴᠦᠨ ᠤ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ  ᠂ ᠾᠧ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠯᠦᠩ ᠵᠢᠢ ᠰᠧᠨ ᠲᠧ ᠰᠢᠨ᠎ᠡ  ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ ᠤᠯᠠᠨ ᠠᠵᠤ ᠠᠬᠤᠶᠢᠯᠠᠯ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ  ᠴᠢᠩᠭᠠᠳᠬᠠᠬᠤ ᠰᠠᠨᠠᠭ᠎ᠠ ᠪᠠᠨ ᠢᠯᠡᠳᠬᠡᠵᠦ᠂ ᠡᠷᠲᠡᠬᠡᠨ ᠤᠯᠠᠭᠠᠨᠴᠠᠪ ᠲᠤ ᠭᠠᠵᠠᠷᠳᠠᠬᠤ ᠶᠢ ᠬᠦᠰᠡᠵᠦ ᠪᠠᠶᠢᠨ᠎ᠠ ᠭᠡᠵᠦ  ᠢᠯᠡᠳᠬᠡᠪᠡ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2