ᠣᠶᠢᠷ᠎ᠠ ᠳᠤ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠤᠯᠠᠭᠠᠨᠴᠠᠪ | ᠬᠤᠲᠠ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠬᠠᠮᠢᠶᠠᠷᠤᠯᠲᠠ ᠶᠢᠨ ᠲᠣᠭᠲᠠᠭᠠᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠡᠳᠦᠭᠡ ︽ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠲᠣᠪᠴᠢᠶ᠎ᠠ ᠶᠢᠨ ︽ᠲᠡᠭᠡᠭᠡᠪᠦᠷᠢ ᠶᠢᠨ | ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠤᠭᠳᠠᠭᠠᠯ ﹇2022﹈ 35 ᠳ᠋ᠤᠭᠠᠷ ᠲᠣᠭᠠᠲᠤ︶ ᠪᠠ ︽ᠠᠷᠠᠳ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠳᠣᠲᠣᠷᠠᠬᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾ ︵ | ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠠᠷᠬᠠᠭᠠᠭᠰᠠᠨ ﹇2023﹈ 1 ᠳ᠋ᠤᠭᠡᠷ ᠲᠣᠭᠠᠲᠤ︶ ᠳᠤ | ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠬᠡᠪᠴᠢᠶ᠎ᠡ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠴᠡᠪᠡᠷ ᠠᠭᠠᠷ ᠤᠨ ᠬᠢᠨᠠᠨ ᠬᠠᠷᠭᠤᠭᠤᠯᠬᠤ ᠶᠠᠪᠤᠴᠠ᠂ ᠲᠦᠷ ᠴᠠᠭ ᠤᠨ | ᠰᠠᠭᠠᠳ ᠪᠣᠳᠠᠰ ᠢ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠰᠢᠨ᠎ᠡ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠴᠤ᠂ | ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ 2016 ᠣᠨ ᠳᠤ ᠳᠠᠷᠤᠮᠠᠯᠯᠠᠨ ᠲᠠᠷᠬᠠᠭᠠᠭᠰᠠᠨ | ︽ᠤᠯᠠᠭᠠᠨᠴᠠᠪ ᠬᠤᠲᠠ ᠶᠢᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠴᠢ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠮᠢᠶᠠᠷᠤᠯᠲᠠ ᠶᠢᠨ ᠲᠣᠭᠲᠠᠭᠠᠯ︾ ᠨᠢ ᠨᠢᠭᠡᠨᠲᠡ ᠣᠳᠣᠬᠠᠨ ᠤ ᠠᠵᠢᠯ ᠲᠥᠷᠥᠯ ᠤᠨ ᠳᠦᠷᠢᠮ ᠲᠣᠭᠲᠠᠭᠠᠯ ᠲᠠᠢ | ᠨᠡᠶᠢᠴᠡᠬᠦ ᠦᠭᠡᠢ ᠪᠣᠯᠵᠠᠢ᠃ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠤᠯᠠᠭᠠᠨᠴᠠᠪ · ᠡᠷᠢᠶᠡᠨ | ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠠᠴᠠ ᠣᠷᠣᠯᠠᠨ ᠲᠤᠭᠤᠷᠪᠢᠵᠤ᠂ ᠲᠣᠰ ︽ᠬᠠᠮᠢᠶᠠᠷᠤᠯᠲᠠ ᠶᠢᠨ ᠲᠣᠭᠲᠠᠭᠠᠯ︾ ᠢ ᠲᠣᠭᠲᠠᠭᠠᠵᠤ ᠳᠠᠷᠤᠮᠠᠯᠯᠠᠨ | ᠲᠠᠷᠬᠠᠭᠠᠨ᠎ᠠ᠃ | ᠬᠤᠶᠠᠷ᠂ ᠭᠤᠣᠯ ᠠᠭᠤᠯᠭ᠎ᠠ | ︽ᠬᠠᠮᠢᠶᠠᠷᠤᠯᠲᠠ ᠶᠢᠨ ᠲᠣᠭᠲᠠᠭᠠᠯ︾ ᠢ ᠨᠠᠶᠢᠳᠠ ᠲᠤᠯᠤᠭᠠᠨ ᠬᠡᠰᠡᠭ ᠲᠤ ᠬᠤᠪᠢᠶᠠᠵᠦ᠂ ᠭᠤᠣᠯ ᠠᠭᠤᠯᠭ᠎ᠠ ᠳᠤ | ᠳᠣᠣᠷᠠᠬᠢ ᠠᠭᠤᠯᠭ᠎ᠠ ᠶᠢ ᠪᠠᠭᠲᠠᠭᠠᠨ᠎ᠠ᠄ | ᠨᠢᠭᠡᠳᠦᠭᠡᠷ ᠪᠦᠯᠦᠭ᠂ ᠶᠡᠷᠦᠩᠬᠡᠢ ᠳᠦᠷᠢᠮ᠃ ︽ᠬᠠᠮᠢᠶᠠᠷᠤᠯᠲᠠ ᠶᠢᠨ ᠲᠣᠭᠲᠠᠭᠠᠯ︾ ᠢ ᠲᠣᠭᠲᠠᠭᠠᠭᠰᠠᠨ | ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠦᠨᠳᠦᠰᠦᠯᠡᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠢ ᠲᠣᠳᠣᠷᠬᠠᠶᠢᠯᠠᠨ | ᠥᠭᠦᠯᠡᠪᠡ᠃ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠬᠡᠪᠴᠢᠶ᠎ᠡ | ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠨᠡᠷ᠎ᠡ ᠲᠣᠮᠢᠶ᠎ᠠ ᠶᠢ ᠲᠣᠳᠣᠷᠬᠠᠶᠢᠯᠠᠵᠤ᠂ ︽ᠬᠠᠮᠢᠶᠠᠷᠤᠯᠲᠠ ᠶᠢᠨ | ᠲᠣᠭᠲᠠᠭᠠᠯ︾ ᠢ ᠤᠯᠠᠮ ᠨᠢᠭᠡ ᠠᠯᠬᠤᠮ ᠬᠡᠷᠡᠭᠵᠢᠭᠦᠯᠬᠦ ᠳᠤ ᠲᠥᠬᠦᠮ ᠪᠣᠯᠭᠠᠪᠠ᠃ | ᠬᠤᠶᠠᠳᠤᠭᠠᠷ ᠪᠦᠯᠦᠭ᠂ ᠴᠡᠪᠡᠷ ᠠᠭᠠᠷ ᠤᠨ ᠣᠷᠴᠢᠨ ᠠᠬᠤᠢ ᠶᠢᠨ ᠬᠠᠮᠠᠭᠠᠯᠠᠯᠲᠠ᠃ ᠨᠢᠰᠬᠡᠯ ᠤᠨ ᠪᠠᠭᠤᠳᠠᠯ ᠤᠨ | ᠴᠡᠪᠡᠷ ᠠᠭᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠨ ᠪᠦᠰᠡ ᠶᠢᠨ ᠳᠣᠲᠣᠷᠠᠬᠢ ᠪᠠᠷᠢᠯᠭ᠎ᠠ ᠶᠢᠨ | ᠵᠦᠢᠯ ᠢ ᠬᠢᠨᠠᠨ ᠬᠠᠷᠭᠤᠭᠤᠯᠬᠤ ᠠᠭᠤᠯᠭ᠎ᠠ᠂ ᠣᠷᠣᠨ ᠨᠤᠲᠤᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠠᠴᠠ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠢ ᠭᠦᠢᠴᠡᠳᠬᠡᠬᠦ ᠵᠠᠷᠴᠢᠮ ᠵᠢᠴᠢ ᠰᠠᠭᠠᠳ | ᠪᠣᠳᠠᠰ ᠤᠨ ᠳ᠋ᠧᠩ ᠪᠠ ᠲᠡᠮᠳᠡᠭ ᠤᠨ ᠬᠠᠮᠢᠶᠠᠷᠤᠯᠳᠠ ᠡᠵᠡᠮᠳᠡᠯ ᠢ ᠲᠣᠳᠣᠷᠬᠠᠶᠢᠯᠠᠪᠠ᠃ ᠠᠵᠢᠯ ᠲᠥᠷᠥᠯ ᠤᠨ | ᠬᠠᠮᠢᠶᠠᠷᠤᠯᠲᠠ ᠶᠢᠨ ᠱᠠᠭᠠᠷᠳᠠᠯᠭ᠎ᠠ ᠠᠴᠠ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ | ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠬᠠᠮᠢᠶ᠎ᠠ ᠪᠦᠬᠦᠢ ᠦᠶᠯᠡ ᠠᠵᠢᠯᠯᠠᠭ᠎ᠠ ᠶᠢ ᠲᠣᠳᠣᠷᠬᠠᠶᠢᠯᠠᠪᠠ᠂ | ᠡᠭᠦᠨ ᠳᠤ ᠴᠠᠬᠢᠯᠭᠠᠨ ᠰᠣᠷᠢᠨᠵᠢᠨ ᠤ ᠣᠷᠴᠢᠨ ᠲᠣᠭᠤᠷᠢᠨ ᠢ ᠨᠥᠯᠥᠭᠡᠯᠡᠬᠦ ᠦᠶᠯᠡ ᠠᠵᠢᠯᠯᠠᠭ᠎ᠠ ᠪᠠᠭᠲᠠᠨ᠎ᠠ᠃ | ᠭᠤᠷᠪᠠᠳᠤᠭᠠᠷ ᠪᠦᠯᠦᠭ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠃ ᠨᠢᠰᠬᠡᠯ ᠤᠨ ᠪᠠᠭᠤᠳᠠᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠂ ᠤᠯᠠᠭᠠᠨᠴᠠᠪ · ᠡᠷᠢᠶᠡᠨ ᠬᠤᠲᠠ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠱᠠᠲᠤᠨ ᠤ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠵᠡᠷᠭᠡ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠳᠠᠯ ᠢ | ᠲᠣᠳᠣᠷᠬᠠᠶᠢᠯᠠᠵᠤ᠂ ᠡᠯ᠎ᠡ ᠪᠠᠶᠢᠭᠤᠯᠭ᠎ᠠ ᠨᠢᠭᠡᠴᠢ ᠶᠢᠨ ᠨᠢᠰᠬᠡᠯ ᠤᠨ ᠪᠠᠭᠤᠳᠠᠯ ᠤᠨ ᠬᠠᠮᠠᠭᠠᠯᠠᠯᠲᠠ ᠶᠢᠨ ᠠᠵᠢᠯ ᠤᠨ | ᠳᠤᠮᠳᠠ ᠬᠠᠷᠢᠭᠤᠴᠠᠬᠤ ᠲᠤᠬᠠᠶᠢᠯᠠᠭᠰᠠᠨ ᠠᠵᠢᠯ ᠢ ᠨᠠᠷᠢᠨ ᠬᠤᠪᠢᠶᠠᠷᠢᠯᠠᠵᠤ᠂ ᠨᠢᠰᠬᠡᠯ ᠤᠨ ᠪᠠᠭᠤᠳᠠᠯ ᠤᠨ ᠴᠡᠪᠡᠷ | ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠦᠷᠭᠦᠯᠵᠢᠯᠡᠨ ᠦᠢᠯᠡᠳᠦᠯ ᠢᠶᠠᠨ | ᠪᠦᠲᠦᠮᠵᠢᠲᠡᠶ ᠪᠠᠳᠠᠷᠠᠭᠤᠯᠬᠤ ᠳᠤ ᠲᠥᠬᠦᠮ ᠦᠵᠡᠭᠦᠯᠦᠨ᠂ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠠᠭᠠᠷ ᠲᠤ ᠳᠡᠭᠳᠡᠬᠦ ᠪᠣᠳᠠᠰ ᠢ ᠬᠠᠮᠢᠶᠠᠷᠤᠨ | ᠡᠵᠡᠮᠳᠡᠬᠦ᠂ ᠴᠡᠪᠡᠷ ᠠᠭᠠᠷ ᠤᠨ ᠲᠣᠭᠤᠷᠢᠨ ᠪᠠᠶᠢᠴᠠᠭᠠᠯᠲᠠ᠂ ᠴᠡᠪᠡᠷ ᠠᠭᠠᠷ ᠤᠨ ᠤᠬᠠᠭᠤᠯᠭ᠎ᠠ ᠵᠢᠴᠢ ᠬᠡᠲᠦ ᠶᠡᠭᠡ | ᠰᠠᠭᠠᠳ ᠪᠣᠳᠠᠰ ᠤᠨ ᠢᠯᠡᠷᠡᠭᠦᠯᠦᠯᠳᠡ ᠶᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃ | ᠳᠥᠷᠪᠡᠳᠦᠭᠡᠷ ᠪᠦᠯᠦᠭ᠂ ᠴᠡᠪᠡᠷ ᠠᠭᠠᠷ ᠢ ᠬᠢᠨᠠᠨ ᠬᠠᠷᠭᠤᠭᠤᠯᠬᠤ ᠱᠠᠭᠠᠷᠳᠠᠯᠭ᠎ᠠ ᠵᠢᠴᠢ ᠮᠠᠲ᠋ᠧᠷᠢᠶᠠᠯ ᠢ ᠭᠥᠯᠢᠶᠡᠨ | ᠠᠪᠬᠤ᠃ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠣᠨ ᠤ ᠳᠣᠲᠣᠷᠠᠬᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠪᠠᠶᠢᠳᠠᠯ᠂ ᠬᠠᠩᠭᠠᠬᠤ ᠴᠢᠬᠤᠯᠠᠲᠠᠢ ᠬᠠᠮᠢᠶ᠎ᠠ | ᠪᠦᠬᠦᠢ ᠮᠠᠲ᠋ᠧᠷᠢᠶᠠᠯ ᠵᠢᠴᠢ ᠲᠤᠭ᠎ᠠ ᠪᠠᠷᠢᠮᠲᠠ ᠶᠢᠨ ᠮᠠᠲ᠋ᠧᠷᠢᠶᠠᠯ ᠤᠨ ᠵᠠᠭᠪᠤᠷ ᠤᠨ ᠪᠠᠷᠢᠮᠵᠢᠶ᠎ᠠ ᠶᠢ ᠲᠣᠳᠣᠷᠬᠠᠶᠢᠯᠠᠪᠠ᠃ | ᠲᠠᠪᠤᠳᠤᠭᠠᠷ ᠪᠦᠯᠦᠭ᠂ ᠬᠠᠤᠯᠢ ᠶᠢᠨ ᠬᠠᠷᠢᠭᠤᠴᠠᠯᠭ᠎ᠠ᠃ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ | ᠤᠨ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠵᠦᠢᠯ ᠵᠤᠷᠪᠤᠰ ᠢ ᠦᠨᠳᠦᠰᠦᠯᠡᠨ᠂ ᠨᠢᠰᠬᠡᠯ ᠤᠨ | ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ︽ᠠᠷᠠᠳ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠳᠦᠷᠢᠮ︾ ᠶᠣᠰᠣᠭᠠᠷ ᠰᠢᠳᠬᠡᠨ ᠲᠣᠷᠭᠠᠨ᠎ᠠ᠃ | ᠵᠢᠷᠭᠤᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ︽ᠬᠠᠮᠢᠶᠠᠷᠤᠯᠲᠠ ᠶᠢᠨ ᠲᠣᠭᠲᠠᠭᠠᠯ︾ ᠤᠨ | ᠬᠦᠴᠦᠨ ᠲᠠᠢ ᠪᠣᠯᠬᠤ ᠵᠢᠴᠢ ᠤᠤᠯ ᠤᠨ ᠬᠠᠮᠢᠶᠠᠷᠤᠯᠲᠠ ᠶᠢᠨ ᠲᠣᠭᠲᠠᠭᠠᠯ ᠤᠨ ᠬᠦᠴᠦᠨ ᠦᠭᠡᠢ ᠪᠣᠯᠬᠤ ᠶᠢ | ᠲᠣᠳᠣᠷᠬᠠᠶᠢᠯᠠᠪᠠ᠃ | ᠬᠠᠮᠤᠭ ᠰᠡᠭᠦᠯᠴᠢ ᠶᠢᠨ ᠪᠦᠯᠦᠭ ᠲᠤ ᠳᠦᠷᠪᠡᠨ ᠳᠠᠭᠠᠯᠳᠤᠭᠤᠯᠤᠯ ᠲᠠᠢ᠃ ᠴᠡᠪᠡᠷ ᠠᠭᠠᠷ ᠤᠨ ᠬᠠᠮᠠᠭᠠᠯᠠᠯᠲᠠ ᠶᠢᠨ | ᠣᠷᠣᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠭᠠᠷᠳᠠᠮ ᠤᠨ | ᠵᠠᠭᠪᠤᠷ ᠵᠢᠴᠢ ᠠᠷᠠᠳ ᠤᠨ ᠠᠭᠠᠷ ᠤᠨ ᠲᠡᠭᠡᠭᠡᠪᠦᠷᠢ ᠶᠢᠨ ᠷᠠᠳᠢᠣ᠋ ᠬᠤᠷᠢᠶ᠎ᠠ ︵ᠥᠷᠲᠡᠭᠡ︶ ᠶᠢᠨ ᠲᠠᠯᠠᠪᠤᠷ ᠭᠠᠵᠠᠷ ᠤᠨ | ᠬᠠᠮᠠᠭᠠᠯᠠᠯᠲᠠ ᠪᠠ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠠᠬᠢᠯᠭᠠᠨ ᠰᠣᠷᠢᠨᠵᠢᠨ ᠤ ᠣᠷᠴᠢᠨ | ᠲᠣᠭᠤᠷᠢᠨ ᠢ ᠨᠥᠯᠥᠭᠡᠯᠡᠵᠦ ᠮᠡᠳᠡᠬᠦ 8 ᠵᠦᠢᠯ ᠤᠨ ᠪᠠᠶᠢᠳᠠᠯ ᠢ ᠲᠣᠳᠣᠷᠬᠠᠶᠢᠯᠠᠬᠤ ᠳᠤ ᠬᠡᠷᠡᠭᠯᠡᠨ᠎ᠡ᠃ | ᠭᠤᠷᠪᠠ᠂ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠠᠴᠢ ᠬᠤᠯᠪᠣᠭᠳᠠᠯ | ︽ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠬᠦᠯᠬᠦ ᠨᠢ ᠤᠯᠠᠭᠠᠨᠴᠠᠪ ᠬᠤᠲᠠ ᠶᠢᠨ ᠨᠢᠰᠬᠡᠯ ᠤᠨ ᠪᠠᠭᠤᠳᠠᠯ ᠤᠨ | ᠡᠷᠬᠢᠨ ᠲᠣᠭᠤᠷᠢᠨ ᠤ ᠴᠡᠪᠡᠷ ᠠᠭᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ | ᠠᠭᠠᠷ ᠤᠨ ᠨᠢᠰᠦᠭᠦᠷ ᠤᠨ ᠠᠵᠢᠯᠯᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠮᠠᠨ ᠤ ᠬᠤᠲᠠ ᠶᠢᠨ | ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠪᠣᠯᠣᠨ᠎ᠠ᠃ | | | | |