︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/1
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠬᠦ ᠪᠠᠷ ᠳᠡᠮᠵᠢᠨ᠂ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠠᠯᠪᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠲᠣᠭᠲᠠᠪᠠ᠂ ᠡᠳᠦᠭᠡ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠷᠭ᠎ᠠ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                               2023 ᠣᠨ ᠤ 5 ᠰᠠᠷ᠎ᠠ ᠶᠢᠨ 23 ᠤ ᠡᠳᠦᠷ                                                ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶  ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ          ᠨᠢᠭᠡᠳᠦᠭᠡᠷ ᠪᠦᠯᠦᠭ ᠶᠡᠷᠦᠩᠬᠡᠢ ᠳᠦᠷᠢᠮ    ᠨᠢᠭᠡᠳᠦᠭᠡᠷ ᠵᠦᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠬᠤᠲᠠ ᠶᠢᠨ ᠡᠯ᠎ᠡ ᠠᠵᠢᠯ ᠲᠥᠷᠥᠯ ᠢ ᠵᠢᠯᠣᠭᠤᠳᠤᠨ ᠵᠣᠷᠢᠭᠵᠢᠭᠤᠯᠵᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠷᠮᠠᠭᠠᠢ ᠠᠮᠵᠢᠯᠲᠠ ᠪᠦᠲᠦᠮᠵᠢ ᠶᠢ ᠬᠥᠭᠡᠭᠡᠴᠡᠯᠳᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠭᠳᠡᠬᠦᠨ ᠤ ᠶᠠᠰᠤ ᠴᠢᠨᠠᠷ ᠤᠨ ᠬᠠᠤᠯᠢ︾ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠥᠪ ᠲᠠᠷᠬᠠᠭᠠᠭᠰᠠᠨ ﹇2017﹈ 24 ᠳ᠋ᠦ᠋ᠭᠡᠷ ᠲᠣᠭᠠᠲᠤ ︶ ︽ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 36 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 86 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ︵ᠳᠣᠷᠣᠭᠰᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠡᠵᠦ ᠲᠣᠪᠴᠢᠯᠠᠨ᠎ᠠ ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠤᠨ ᠱᠠᠩᠨᠠᠯ ᠪᠣᠯᠣᠨ᠎ᠠ᠂ ᠭᠤᠣᠯᠳᠠᠭᠤ ᠤᠯᠠᠭᠠᠨᠴᠠᠪ ᠬᠤᠲᠠ ᠶᠢᠨ ᠳᠣᠲᠣᠭᠠᠳᠤ ᠳᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ᠂ ᠶᠠᠰᠤ ᠴᠢᠨᠠᠷ ᠤᠨ ᠳᠡᠭᠡᠭᠰᠢᠯᠡᠯᠲᠡ ᠶᠢᠨ ᠦᠷ᠎ᠡ ᠪᠦᠲᠦᠮᠵᠢ ᠪᠠᠷ ᠢᠯᠡᠳᠲᠡ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠣᠶᠢᠮ᠎ᠠ᠂ ᠢᠯᠡᠳᠲᠡ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠯᠭᠤᠨ᠎ᠠ᠃    ᠭᠤᠷᠪᠠᠳᠤᠭᠠᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠠ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠭᠡᠵᠦ ᠬᠤᠪᠢᠶᠠᠨ᠎ᠠ᠂ ᠰᠢᠯᠭᠠᠷᠠᠭᠤᠯᠬᠤ ᠦᠶᠡᠯᠡᠯ ᠨᠢ 2 ᠵᠢᠯ ᠪᠣᠯᠣᠨ᠎ᠠ᠃ ᠡᠭᠦᠨ ᠳᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠶᠡᠷᠦᠩᠬᠡᠢ ᠲᠤᠭ᠎ᠠ ᠨᠢ 3᠂ ᠨᠡᠷ᠎ᠡ ᠳᠤᠷᠠᠳᠤᠭᠰᠠᠨ ᠱᠠᠩᠨᠠᠯ ᠣᠯᠭᠤᠬᠤ ᠶᠡᠷᠦᠩᠬᠡᠢ ᠲᠤᠭ᠎ᠠ ᠨᠢ 2᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠨᠥᠬᠦᠴᠡᠯ ᠳᠤ ᠨᠡᠶᠢᠴᠡᠬᠦ ᠮᠡᠳᠡᠭᠦᠯᠬᠦ ᠨᠢᠭᠡᠴᠢ ᠪᠠᠶᠢᠬᠤ ᠦᠭᠡᠢ ᠪᠣᠯ ᠱᠠᠩᠨᠠᠯ ᠤᠨ ᠵᠦᠢᠯ ᠨᠢ ᠬᠤᠭᠤᠰᠤᠨ ᠪᠠᠶᠢᠵᠤ ᠪᠣᠯᠣᠨ᠎ᠠ᠃    ᠳᠥᠷᠪᠡᠳᠦᠭᠡᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠰᠠᠶᠢᠨ ᠳᠤᠷ᠎ᠠ ᠠᠴᠠ ᠪᠠᠨ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠡᠷᠬᠡ ᠲᠡᠭᠰᠢ ᠲᠥᠪ ᠭᠤᠥᠯᠴᠢ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠶᠢ ᠴᠢᠩᠳᠠᠯᠠᠵᠤ᠂ ᠰᠠᠶᠢᠨ ᠤ ᠳᠣᠲᠣᠷ᠎ᠠ ᠠᠴᠠ ᠰᠢᠯᠢᠳᠡᠭ ᠢ ᠰᠣᠩᠭᠤᠨ᠎ᠠ᠃    ᠲᠠᠪᠤᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ᠭᠤᠶᠤᠴᠢᠯᠠᠨ ᠮᠡᠳᠡᠭᠦᠯᠦᠭᠰᠡᠨ  ᠨᠢᠭᠡᠴᠢ ᠠᠴᠠ ᠶᠠᠮᠠᠷ ᠴᠤ ᠰᠦᠢᠳᠬᠡᠯ ᠬᠤᠷᠢᠶᠠᠬᠤ ᠦᠭᠡᠢ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠪᠠ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠲᠤᠬᠠᠢ ᠶᠢᠨ ᠵᠢᠯ ᠤᠨ ᠵᠠᠰᠠᠭ ᠤᠨ ᠣᠷᠳᠣᠨ ᠤ ᠲᠥᠰᠥᠪ ᠲᠤ ᠵᠢᠭᠰᠠᠭᠠᠨ ᠣᠷᠣᠭᠤᠯᠵᠤ᠂ ᠡᠭᠦᠨ ᠳᠤ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠵᠠᠷᠤᠯᠭ᠎ᠠ ᠶᠢᠨ ᠲᠥᠷᠥᠯ ᠵᠦᠶᠯᠴᠢᠯᠡᠭᠰᠡᠨ ᠪᠥᠬᠦ ᠶᠠᠪᠤᠴᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠬᠡᠷᠡᠭ ᠤᠨ ᠡᠮᠦᠨᠡᠬᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ᠂ ᠬᠡᠷᠡᠭ ᠤᠨ ᠳᠤᠮᠳᠠᠬᠢ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠬᠡᠷᠡᠭ ᠤᠨ ᠳᠠᠷᠠᠭᠠᠬᠢ ᠠᠵᠢᠯ ᠤᠨ ᠪᠦᠲᠦᠮᠵᠢ ᠶᠢ ᠦᠨᠡᠯᠡᠨ ᠬᠢᠨᠠᠬᠤ ᠵᠡᠷᠭᠡ ᠶᠢ ᠪᠦᠬᠦ ᠲᠠᠯ᠎ᠠ ᠪᠠᠷ ᠦᠷᠨᠢᠭᠦᠯᠦᠨ᠎ᠡ᠃     ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ     ᠵᠢᠷᠭᠤᠳᠤᠭᠠᠷ ᠵᠦᠢᠯ ᠤᠯᠠᠭᠠᠨᠴᠠᠪ ᠬᠤᠲᠠ ᠶᠢᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠨᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠂ ᠭᠤᠣᠯ ᠡᠭᠦᠷᠭᠡ ᠬᠠᠷᠢᠭᠤᠴᠠᠯᠭ᠎ᠠ ᠪᠣᠯ᠄     ︵ᠨᠢᠭᠡ︶ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠯᠠᠭ᠎ᠠ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠲᠦᠯᠬᠢᠨ ᠠᠬᠢᠭᠤᠯᠵᠤ᠂ ᠵᠢᠯᠤᠭᠤᠳᠴᠤ᠂ ᠬᠢᠨᠠᠯᠲᠠ ᠲᠠᠯᠪᠢᠵᠤ᠂ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠳᠠᠬᠢ ᠴᠢᠬᠤᠯᠠ ᠶᠡᠭᠡ ᠵᠦᠢᠯᠡᠰ ᠢ ᠰᠤᠳᠤᠯᠤᠨ ᠲᠣᠭᠲᠠᠭᠠᠨ᠎ᠠ︔     ︵ᠬᠤᠶᠠᠷ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠪᠠᠷᠢᠮᠵᠢᠶ᠎ᠠ᠂ ᠬᠡᠷᠡᠭᠵᠢᠭᠦᠯᠬᠦ ᠵᠦᠭᠯᠡᠭᠦᠷ᠂ ᠬᠢᠨᠠᠨ ᠲᠣᠭᠲᠠᠭᠠᠬᠤ ᠶᠠᠪᠤᠴᠠ ᠵᠡᠷᠭᠡ ᠴᠢᠬᠤᠯᠠ ᠠᠵᠢᠯ ᠤᠨ ᠵᠢᠷᠤᠮᠵᠢᠯ ᠢ ᠬᠢᠨᠠᠨ ᠵᠥᠪᠰᠢᠶᠡᠷᠡᠨ᠎ᠡ︔     ︵ᠭᠤᠷᠪᠠ︶ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠰᠤᠳᠤᠯᠤᠨ ᠬᠢᠨᠠᠨ ᠵᠥᠪᠯᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠳᠠᠷᠤᠭ᠎ᠠ ᠳᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢᠶᠠᠷ ᠱᠠᠩᠨᠠᠬᠤ ᠪᠠᠷ ᠪᠠᠶᠢᠭ᠎ᠠ ᠨᠡᠷᠡᠰ ᠢ ᠳᠡᠪᠰᠢᠭᠦᠯᠦᠨ ᠮᠡᠳᠡᠭᠦᠯᠦᠨ᠎ᠡ᠃     ᠳᠣᠯᠣᠳᠤᠭᠠᠷ ᠵᠦᠢᠯ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶   ᠠᠴᠠ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠂ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ︔     ︵ᠬᠤᠶᠠᠷ︶ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ ᠭᠥᠯᠢᠶᠡᠨ ᠠᠪᠴᠤ  ᠰᠢᠢᠳᠪᠦᠷᠢᠯᠡᠨ᠎ᠡ︔     ︵ᠭᠤᠷᠪᠠ︶ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠵᠤ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠰᠣᠩᠭᠤᠨ ᠲᠣᠭᠲᠠᠭᠠᠨ᠎ᠠ︔     ︵ᠳᠥᠷᠪᠡ︶ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠨ᠎ᠠ︔     ︵ᠲᠠᠪᠤ︶ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠤᠬᠠᠭᠤᠯᠤᠨ ᠳᠡᠯᠭᠡᠷᠡᠭᠦᠯᠵᠦ᠂ ᠪᠣᠯᠪᠠᠰᠤᠷᠠᠭᠤᠯᠬᠤ᠂ ᠪᠣᠶᠢᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠠ ᠲᠡᠮᠳᠡᠭ ᠤᠨ ᠬᠡᠷᠡᠭᠯᠡᠯᠲᠡ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ︔     ︵ᠵᠢᠷᠭᠤᠭ᠎ᠠ︶ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠬᠢᠨᠠᠨ ᠵᠥᠪᠯᠡᠭᠦᠯᠬᠦ ᠪᠠᠷ ᠳᠡᠪᠰᠢᠭᠦᠯᠦᠨ᠎ᠡ᠃     ᠨᠠᠢᠮᠠᠳᠤᠭᠠᠷ ᠵᠦᠢᠯ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠭᠠᠵᠠᠷ ᠣᠷᠣᠨ ᠤ ᠪᠠᠨ ᠭᠤᠶᠤᠴᠢᠯᠠᠨ ᠮᠡᠳᠡᠭᠦᠯᠵᠦ ᠳᠠᠶᠢᠴᠢᠯᠠᠬᠤ᠂ ᠲᠠᠨᠢᠯᠴᠠᠭᠤᠯᠬᠤ ᠠᠵᠢᠯ ᠢ ᠬᠠᠷᠢᠭᠤᠴᠠᠵᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠲᠣᠰ ᠠᠵᠢᠯ ᠲᠥᠷᠥᠯ ᠤᠨ ᠢᠶᠠᠨ ᠭᠤᠶᠤᠴᠢᠯᠠᠨ ᠮᠡᠳᠡᠭᠦᠯᠵᠦ ᠳᠠᠶᠢᠴᠢᠯᠠᠬᠤ ᠠᠵᠢᠯ ᠢ ᠬᠠᠷᠢᠭᠤᠴᠠᠨ᠎ᠠ᠃    ᠭᠤᠷᠪᠠᠳᠤᠭᠠᠷ ᠪᠦᠯᠦᠭ ᠮᠡᠳᠡᠭᠦᠯᠬᠦ ᠨᠥᠬᠦᠴᠡᠯ    ᠶᠢᠰᠦᠳᠦᠭᠡᠷ ᠵᠦᠢᠯ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠢᠭᠡᠴᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄    ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠠᠮ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠬᠤ︔    ︵ᠬᠤᠶᠠᠷ︶ ᠬᠠᠤᠯᠢ ᠶᠣᠰᠣᠭᠠᠷ ᠤᠯᠠᠭᠠᠨᠴᠠᠪ ᠬᠤᠲᠠ ᠳᠤ ᠳᠠᠩᠰᠠᠯᠠᠭᠤᠯᠤᠨ ᠲᠡᠮᠳᠡᠭᠯᠡᠵᠦ᠂ 3 ᠵᠢᠯ ᠠᠴᠠ ᠳᠡᠭᠡᠭᠰᠢ ᠬᠡᠪ ᠤᠨ ᠶᠣᠰᠣᠭᠠᠷ ᠠᠵᠢᠯᠯᠠᠭᠤᠯᠬᠤ ᠶᠢᠨ ᠬᠠᠮᠲᠤ ᠴᠠᠭ ᠲᠤᠬᠠᠢ ᠳᠤᠨᠢ ᠲᠤᠭ᠎ᠠ ᠶᠣᠰᠣᠭᠠᠷ ᠭᠠᠶᠢᠯᠢ ᠲᠤᠰᠢᠶᠠᠭᠰᠠᠨ︔    ︵ᠭᠤᠷᠪᠠ︶ ᠪᠦᠲᠦᠮᠵᠢᠲᠡᠶ ᠠᠵᠢᠯᠯᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠪᠤᠶᠤ ᠪᠤᠰᠤᠳ ᠬᠤᠯᠪᠣᠭᠳᠠᠯ ᠪᠦᠬᠦᠢ ᠠᠵᠢᠯ ᠲᠦᠷᠦᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠥᠪᠡᠷ ᠢ ᠪᠠᠨ ᠲᠡᠭᠦᠯᠳᠡᠷᠵᠢᠭᠦᠯᠦᠭᠰᠡᠨ ᠶᠠᠰᠤ ᠴᠢᠨᠠᠷ ᠢ ᠰᠠᠶᠢᠵᠢᠷᠠᠭᠤᠯᠬᠤ ᠲᠣᠭᠲᠠᠴᠠ ᠶᠢ ᠪᠤᠢ ᠪᠣᠯᠭᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠠᠬᠤᠢ ᠶᠢ ᠬᠠᠮᠠᠭᠠᠯᠠᠬᠤ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ ᠣᠯᠣᠭᠰᠠᠨ︔    ︵ᠳᠥᠷᠪᠡ︶ GB / T19580  ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠤᠯᠤᠰ ᠤᠨ ᠪᠠᠷᠢᠮᠵᠢᠶ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠢ ᠳᠡᠯᠭᠡᠷᠡᠭᠦᠯᠵᠦ᠂ ᠶᠠᠰᠤ ᠴᠢᠨᠠᠷ ᠦᠷ᠎ᠡ ᠠᠰᠢᠭ ᠢᠶᠠᠷ ᠲᠣᠪᠣᠶᠢᠮ᠎ᠠ ᠪᠠᠶᠢᠬᠤ ︔ ᠣᠶᠢᠷ᠎ᠠ ᠶᠢᠨ 3 ᠵᠢᠯ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠮᠡᠷᠭᠡᠵᠢᠯ ᠤᠨ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠪᠠᠶᠢᠷᠢᠨ ᠳᠤ ᠣᠷᠣᠭᠰᠠᠨ︔    ︵ᠲᠠᠪᠤ︶ ᠶᠠᠰᠤ ᠴᠢᠨᠠᠷ ᠤᠨ ᠬᠢᠷᠢ ᠬᠡᠮᠵᠢᠶ᠎ᠡ᠂ ᠰᠢᠨ᠎ᠡ ᠶᠢ ᠡᠭᠦᠳᠬᠦ ᠴᠢᠳᠠᠪᠤᠷᠢ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ ᠣᠯᠵᠤ᠂ ᠨᠡᠶᠢᠭᠡᠮ ᠳᠤ ᠢᠯᠡᠳᠲᠡ ᠬᠤᠪᠢ ᠨᠡᠮᠡᠷᠢ  ᠦᠵᠡᠭᠦᠯᠦᠭᠰᠡᠨ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠬᠥᠮᠥᠰ ᠤᠨ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠢ ᠡᠳ᠋ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠢ ᠠᠯᠳᠠᠭᠳᠠᠯ ᠭᠠᠷᠤᠭᠰᠠᠨ ᠦᠭᠡᠢ᠃ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠬᠥᠮᠥᠰ ᠤᠨ ᠨᠡᠶᠢᠭᠡᠮ ᠤᠨ ᠬᠤᠪᠢ ᠨᠡᠮᠡᠷᠢ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠭᠰᠠᠨ︔    ︵ᠵᠢᠷᠭᠤᠭ᠎ᠠ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠶᠢᠨ ᠠᠳᠡᠯ ᠦᠭᠡᠢ᠂ ᠬᠠᠮᠢᠶ᠎ᠠ ᠪᠦᠬᠦᠢ ᠬᠠᠤᠯᠢ ᠵᠥᠷᠢᠴᠡᠭᠰᠡᠨ᠂ ᠲᠣᠭᠲᠠᠭᠠᠯ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠪᠠ ᠢᠲᠡᠭᠡᠯ ᠠᠯᠳᠠᠭᠰᠠᠨ ᠲᠡᠮᠳᠡᠭᠯᠡᠯ ᠦᠭᠡᠢ᠃     ᠳᠥᠷᠪᠡᠳᠦᠭᠡᠷ ᠪᠦᠯᠦᠭ ᠬᠢᠨᠠᠨ ᠲᠣᠭᠲᠠᠭᠠᠬᠤ ᠶᠠᠪᠤᠴᠠ     ᠠᠷᠪᠠᠳᠤᠭᠠᠷ ᠵᠦᠢᠯ ᠮᠡᠳᠡᠭᠦᠯᠬᠦ ᠣᠨ ᠳᠤ᠂ ᠬᠤᠲᠠ ᠶᠢᠨ ᠱᠠᠲᠤᠨ ᠤ ᠭᠤᠣᠯ ᠪᠣᠯᠬᠤ ᠵᠠᠭᠤᠴᠢᠯᠠᠭᠤᠷ ᠳᠡᠭᠡᠷ᠎ᠡ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠠᠯᠪᠠᠨ ᠵᠠᠷ ᠢ ᠨᠡᠶᠢᠲᠡᠯᠡᠨ᠎ᠡ᠃     ︵ᠨᠢᠭᠡ︶ ᠮᠡᠳᠡᠭᠦᠯᠬᠦ᠃ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠢ ᠰᠠᠶᠢᠨ ᠳᠤᠷ᠎ᠠ ᠶᠢᠨ ᠵᠠᠷᠴᠢᠮ ᠢ ᠦᠨᠳᠦᠰᠦᠯᠡᠨ᠂ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠢᠴᠢᠭ︾ ᠪᠣᠯᠣᠨ ᠬᠤᠯᠪᠣᠭᠳᠠᠯ ᠪᠦᠬᠦᠢ ᠭᠡᠷᠡᠴᠢᠯᠡᠬᠦ ᠴᠢᠨᠠᠷᠲᠠᠢ ᠮᠠᠲ᠋ᠧᠷᠢᠶᠠᠯ ᠢ ᠦᠨᠡᠨ ᠮᠥᠨ ᠢᠶᠠᠷ ᠲᠠᠭᠯᠠᠨ ᠪᠢᠴᠢᠬᠦ ᠶᠢᠨ ᠬᠠᠮᠲᠤ ᠳᠡᠭᠡᠭᠰᠢ ᠮᠡᠳᠡᠭᠦᠯᠵᠦ ᠂ ᠬᠤᠯᠪᠣᠭᠳᠠᠯ ᠪᠦᠬᠦᠢ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠪᠤᠶᠤ ᠬᠤᠲᠠ ᠶᠢᠨ ᠰᠢᠭᠤᠳ ᠬᠠᠷᠢᠶ᠎ᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠯᠪᠡᠷᠢ ᠶᠢ ᠬᠢᠨᠠᠨ ᠪᠠᠶᠢᠴᠠᠭᠠᠭᠠᠳ᠂ ᠲᠠᠨᠢᠯᠴᠠᠭᠤᠯᠤᠭᠰᠠᠨ ᠰᠠᠨᠠᠯ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ︔    ︵ᠬᠤᠶᠠᠷ︶ ᠬᠢᠷᠢ ᠬᠡᠮ ᠢ ᠬᠢᠨᠠᠨ ᠪᠠᠶᠢᠴᠠᠭᠠᠬᠤ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ᠂ ᠮᠡᠳᠡᠭᠦᠯᠬᠦ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠳᠠᠬᠢᠨ ᠬᠢᠨᠠᠵᠤ᠂ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠢ ᠶᠢᠨ ᠨᠡᠷᠡᠰ ᠢ ᠨᠤᠲᠠᠯᠠᠬᠤ ᠶᠢ ᠬᠠᠷᠢᠭᠤᠴᠠᠨ᠎ᠠ︔    ︵ᠭᠤᠷᠪᠠ︶ ᠮᠠᠲ᠋ᠧᠷᠢᠶᠠᠯ ᠢ ᠬᠢᠨᠠᠨ ᠲᠣᠭᠲᠠᠭᠠᠬᠤ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠲᠤᠰᠢᠶᠠᠭᠰᠠᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠲᠣᠭᠲᠠᠭᠠᠬᠤ ᠶᠢᠨ ᠬᠠᠮᠲᠤ᠂ ᠮᠠᠲ᠋ᠧᠷᠢᠶᠠᠯ ᠢ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠪᠣᠶ ᠪᠣᠯᠭᠠᠨ᠎ᠠ︔ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠮᠠᠲ᠋ᠧᠷᠢᠶᠠᠯ ᠢ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠦᠨᠳᠦᠰᠦᠯᠡᠨ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠳᠤ ᠣᠷᠣᠬᠤ ᠨᠡᠷᠡᠰ ᠢ ᠳᠤᠷᠠᠳᠤᠨ ᠭᠠᠷᠭᠠᠵᠤ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠳᠤ ᠣᠷᠣᠭᠰᠠᠨ ᠦᠭᠡᠢ ᠨᠢᠭᠡᠴᠢ ᠳᠤ ᠬᠠᠷᠢᠭᠤ ᠲᠤᠰᠬᠠᠨ᠎ᠠ︔    ︵ᠳᠥᠷᠪᠡ︶ ᠲᠤᠬᠠᠢ ᠶᠢᠨ ᠲᠠᠯᠠᠪᠤᠷ ᠲᠤᠨᠢ ᠬᠢᠨᠠᠨ ᠲᠣᠭᠲᠠᠭᠠᠬᠤ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠤᠭ᠎ᠠ ᠳᠤ ᠣᠷᠣᠭᠰᠠᠨ ᠭᠤᠶᠤᠴᠢᠯᠠᠨ ᠮᠡᠳᠡᠭᠦᠯᠦᠭᠰᠡᠨ ᠨᠢᠭᠡᠴᠢ ᠳᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠪᠣᠢ ᠪᠣᠯᠭᠠᠨ᠎ᠠ᠃    ︵ᠲᠠᠪᠤ︶ ᠲᠣᠭᠠᠴᠢᠯᠲᠠ ᠬᠢᠵᠦ ᠮᠡᠳᠬᠡᠯᠴᠡᠬᠦ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠣᠭᠠᠴᠢᠨ ᠮᠡᠳᠬᠡᠯᠴᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠤᠭ᠎ᠠ ᠳᠤ ᠣᠷᠣᠭᠰᠠᠨ  ᠨᠢᠭᠡᠴᠢ ᠶᠢᠨ ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠲᠣᠭᠠᠴᠢᠨ ᠮᠡᠳᠬᠡᠯᠴᠡᠭᠦᠯᠵᠦ ᠦᠨᠡᠯᠡᠨ ᠶᠠᠷᠢᠯᠴᠠᠵᠤ ᠬᠤᠪᠢ ᠥᠭᠭᠦᠨ᠎ᠡ᠃    ᠠᠷᠪᠠᠨ ᠨᠢᠭᠡᠳᠦᠭᠡᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠮᠠᠲ᠋ᠧᠷᠢᠶᠠᠯ ᠢ ᠬᠢᠨᠠᠨ ᠲᠣᠭᠲᠠᠭᠠᠭᠰᠠᠨ ᠮᠡᠳᠡᠭᠦᠯᠦᠯᠲᠡ᠂ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ᠂ ᠬᠠᠷᠢᠭᠤ ᠮᠡᠳᠬᠡᠯᠴᠡᠭᠰᠡᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠬᠤᠪᠢ ᠲᠣᠭᠲᠠᠭᠠᠵᠤ᠂ ᠱᠠᠩᠨᠠᠯ ᠣᠯᠭᠤᠬᠤ ᠪᠠᠷ ᠪᠠᠶᠢᠭ᠎ᠠ ᠵᠢᠱᠢᠭᠳᠡᠭᠰᠡᠳ ᠤᠨ ᠨᠡᠷᠡᠰ ᠢ ᠰᠤᠳᠤᠯᠤᠨ ᠳᠤᠷᠠᠳᠴᠤ᠂ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠪᠠᠶᠢᠭ᠎ᠠ ᠠᠵᠤ ᠠᠬᠤᠶᠢᠯᠠᠯ ᠤᠨ ᠨᠡᠷᠡᠰ ᠢ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃     ᠠᠷᠪᠠᠨ ᠬᠤᠶᠠᠳᠤᠭᠠᠷ ᠵᠦᠢᠯ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠠᠶᠢᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠠᠨ ᠬᠥᠬᠢᠭᠦᠯᠵᠦ᠂ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠠ᠃    ᠲᠠᠪᠤᠳᠤᠭᠠᠷ ᠪᠦᠯᠦᠭ ᠱᠠᠩᠨᠠᠨ ᠬᠥᠬᠢᠭᠦᠯᠬᠦ ᠪᠠᠷᠢᠮᠵᠢᠶ᠎ᠠ ᠬᠢᠭᠡᠳ ᠬᠡᠷᠡᠭᠴᠡᠭᠡ      ᠠᠷᠪᠠᠨ ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠣᠭᠰᠠᠨ ᠨᠢᠭᠡᠴᠢ ᠳᠤ 50 ᠲᠦᠮᠡᠨ ᠲᠥᠭᠦᠷᠢᠭ ᠤᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠱᠠᠩᠨᠠᠯ ᠤᠨ ᠮᠧᠳᠠᠯ᠂ ᠦᠨᠡᠮᠯᠡᠯ ᠣᠯᠭᠤᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠣᠯᠣᠭᠰᠠᠨ ᠨᠢᠭᠡᠴᠢ ᠳᠤ ᠱᠠᠩᠨᠠᠯ ᠤᠨ ᠮᠧᠳᠠᠯ᠂ ᠦᠨᠡᠮᠯᠡᠯ ᠣᠯᠭᠤᠨ᠎ᠠ᠃ ᠠᠳᠠᠯᠢ ᠨᠢᠭᠡ ᠱᠠᠩᠨᠠᠯ ᠢ ᠳᠠᠬᠢᠨᠲᠠ ᠣᠯᠣᠭᠰᠠᠨ ᠨᠢᠭᠡᠴᠢ ᠠᠴᠠ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠳᠠᠭᠢᠵᠤ ᠣᠯᠭᠤᠬᠤ ᠦᠭᠡᠢ᠃    ᠠᠷᠪᠠᠨ ᠳᠥᠷᠪᠡᠳᠦᠭᠡᠷ ᠵᠦᠢᠯ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠥᠷᠳᠡᠭᠰᠡᠨ ᠨᠢᠭᠡᠴᠢ ᠨᠢ ᠰᠢᠨᠵᠢᠯᠡᠬᠦ ᠤᠬᠠᠭᠠᠨ ᠤ ᠰᠤᠳᠤᠯᠤᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ᠂ ᠠᠳᠠᠯᠢ ᠨᠥᠬᠦᠴᠡᠯ ᠤᠨ ᠳᠣᠣᠷ᠎ᠠ ᠬᠠᠮᠢᠶ᠎ᠠ ᠪᠦᠬᠦᠢ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠤᠷᠢᠳᠠᠪᠠᠷ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠤᠷᠢᠳᠠᠪᠠᠷ ᠲᠠᠨᠢᠯᠴᠠᠭᠤᠯᠤᠨ ᠮᠡᠳᠡᠭᠦᠯᠦᠨ᠎ᠡ᠃    ᠠᠷᠪᠠᠨ ᠲᠠᠪᠤᠳᠤᠭᠠᠷ ᠵᠦᠢᠯ ᠱᠠᠩᠨᠠᠯ ᠣᠯᠣᠭᠰᠠᠨ ᠨᠢᠭᠡᠴᠢ ᠶᠢᠨ ᠣᠯᠣᠭᠰᠠᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠭᠤᠣᠯᠳᠠᠭᠤ ᠶᠠᠰᠤ ᠴᠢᠨᠠᠷ ᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠬᠦ᠂ ᠶᠠᠰᠤ ᠴᠢᠨᠠᠷ ᠢ ᠰᠠᠶᠢᠵᠢᠷᠠᠭᠤᠯᠬᠤ᠂ ᠠᠵᠢᠯᠲᠠᠨ ᠤ ᠪᠣᠯᠪᠠᠰᠤᠷᠠᠭᠤᠯᠤᠯ ᠪᠣᠯᠣᠨ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠳᠤ ᠬᠡᠷᠡᠭᠯᠡᠨ᠎ᠡ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃    ᠵᠢᠷᠭᠤᠳᠤᠭᠠᠷ ᠪᠦᠯᠦᠭ ᠬᠢᠨᠠᠯᠲᠠ ᠲᠠᠯᠪᠢᠬᠤ ᠪᠠ ᠬᠠᠮᠢᠶᠠᠷᠬᠤ    ᠠᠷᠪᠠᠨ ᠵᠢᠷᠭᠤᠳᠤᠭᠠᠷ ᠵᠦᠢᠯ ᠮᠡᠳᠡᠭᠦᠯᠦᠭᠰᠡᠨ ᠨᠢᠭᠡᠴᠢ ᠨᠢ ᠮᠡᠳᠡᠭᠦᠯᠦᠭᠰᠡᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠬᠤᠳᠠᠯ ᠬᠡᠯᠡᠵᠦ ᠬᠠᠭᠤᠷᠮᠠᠭᠯᠠᠨ ᠦᠢᠯᠡᠳᠦᠭᠰᠡᠨ᠂ ᠲᠥᠪ ᠪᠤᠰᠤ ᠠᠷᠭ᠎ᠠ ᠪᠠᠷᠢᠯ ᠢᠶᠠᠷ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠣᠭᠰᠠᠨ ᠨᠢᠭᠡᠴᠢ ᠶᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠠᠶᠢᠴᠠᠭᠠᠨ ᠲᠣᠳᠣᠯᠠᠭᠠᠳ ᠦᠨᠡᠨ ᠪᠣᠯᠬᠤ ᠶᠢ ᠨᠢ ᠨᠤᠲᠠᠯᠠᠭᠰᠠᠨ ᠤ ᠲᠠᠷᠠᠭ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠤᠨ ᠵᠦᠢᠯ ᠢ ᠨᠢ ᠬᠦᠴᠦᠨ ᠦᠭᠡᠢ ᠪᠣᠯᠭᠠᠵᠤ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ ᠠᠪᠴᠤ᠂ ᠱᠠᠩᠨᠠᠯ ᠤᠨ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠨᠡᠶᠢᠭᠡᠮ ᠳᠤ ᠵᠠᠷᠯᠠᠨ ᠮᠡᠳᠡᠭᠳᠡᠨ᠎ᠡ᠂ 5 ᠵᠢᠯ ᠤᠨ ᠳᠣᠲᠣᠷ᠎ᠠ ᠲᠡᠭᠦᠨ ᠤ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠦᠭᠡᠢ᠃    ᠠᠷᠪᠠᠨ ᠳᠣᠯᠣᠳᠤᠭᠠᠷ ᠵᠦᠢᠯ ᠱᠠᠩᠨᠠᠯ ᠣᠯᠣᠭᠰᠠᠨ ᠨᠢᠭᠡᠴᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠰᠤᠷᠪᠤᠯᠵᠢᠯᠠᠬᠤ ᠵᠢᠴᠢ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠱᠠᠩᠨᠠᠯ ᠣᠯᠣᠭᠰᠠᠨ ᠨᠢᠭᠡᠴᠢ ᠶᠢᠨ ᠦᠢᠯᠡᠳᠪᠦᠷᠢᠯᠡᠯ ᠡᠵᠡᠩᠨᠡᠯᠲᠡ ᠪᠠ ᠶᠠᠰᠤ ᠴᠢᠨᠠᠷ ᠤᠨ ᠬᠠᠮᠢᠶᠠᠷᠤᠯᠲᠠ ᠵᠡᠷᠭᠡ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠲᠡᠳᠡᠨ ᠤ ᠢᠷᠠᠭᠤ ᠠᠯᠳᠠᠷ ᠢᠶᠠᠨ ᠪᠠᠲᠤᠯᠠᠬᠤ ᠶᠢ ᠰᠢᠮᠳᠠᠭᠤᠯᠵᠤ᠂ ᠲᠠᠰᠤᠷᠠᠯᠲᠠ ᠦᠭᠡᠢ ᠳᠡᠭᠡᠭᠰᠢᠯᠡᠭᠦᠯᠦᠨ ᠰᠠᠶᠢᠵᠢᠷᠠᠭᠤᠯᠬᠤ ᠬᠡᠷᠡᠭᠲᠡᠢ᠃    ᠠᠷᠪᠠᠨ ᠨᠠᠢᠮᠠᠳᠤᠭᠠᠷ ᠵᠦᠢᠯ ᠱᠠᠩᠨᠠᠯ ᠣᠯᠣᠭᠰᠠᠨ ᠨᠢᠭᠡᠴᠢ ᠬᠤᠯᠪᠣᠭᠳᠠᠯ ᠪᠦᠬᠦᠢ ᠤᠬᠠᠭᠤᠯᠭ᠎ᠠ ᠶᠢᠨ ᠠᠵᠢᠯᠯᠠᠭ᠎ᠠ ᠳᠤᠮᠳᠠ ᠪᠠᠨ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠣᠭᠰᠠᠨ ᠢᠷᠠᠭᠤ ᠠᠯᠳᠠᠷ ᠢ ᠤᠬᠠᠭᠤᠯᠵᠤ ᠪᠣᠯᠣᠨ᠎ᠠ᠂ ᠭᠡᠬᠦ ᠳᠡᠭᠡᠨ ᠡᠷᠬᠡᠪᠰᠢ ᠱᠠᠩᠨᠠᠯ ᠣᠯᠣᠭᠰᠠᠨ ᠴᠠᠭ ᠢ ᠲᠣᠳᠣᠷᠬᠠᠶᠢᠯᠠᠬᠤ ᠶᠢᠨ ᠬᠠᠮᠲᠤ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠢ᠃ ᠱᠠᠩᠨᠠᠯ ᠣᠯᠣᠭᠰᠠᠨ ᠨᠢᠭᠡᠴᠢ ᠨᠢ ᠲᠡᠭᠦᠨ ᠤ ᠶᠠᠰᠤ ᠴᠢᠨᠠᠷ ᠤᠨ ᠠᠵᠢᠯ ᠤᠨ ᠲᠡᠷᠢᠭᠦᠨ ᠤ ᠲᠤᠷᠰᠢᠯᠭ᠎ᠠ ᠪᠠ ᠦᠷ᠎ᠡ ᠪᠦᠲᠦᠭᠡᠯ ᠢ ᠤᠬᠠᠭᠤᠯᠤᠨ ᠰᠣᠯᠢᠯᠴᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠪᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠥᠬᠦ ᠬᠤᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠡᠭᠦᠷᠭᠡ ᠲᠠᠢ᠃    ᠠᠷᠪᠠ ᠶᠢᠰᠦᠳᠦᠭᠡᠷ ᠵᠦᠢᠯ ᠱᠠᠩᠨᠠᠯ ᠣᠯᠣᠭᠰᠠᠨ ᠨᠢᠭᠡᠴᠢ ᠱᠠᠩᠨᠠᠯ ᠣᠯᠣᠭᠰᠠᠨ ᠤ ᠳᠠᠷᠠᠭ᠎ᠠ 3 ᠵᠢᠯ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠤᠨ ᠪᠠ ᠠᠶᠤᠯ ᠡ᠊ᠨᠳᠡᠯ ᠭᠠᠷᠤᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠲᠠᠢ ᠪᠠᠶᠢᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠵᠦᠢᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠷᠯᠠᠨ ᠮᠡᠳᠡᠭᠳᠡᠨ᠎ᠡ᠃    ᠬᠤᠷᠢᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠡᠭᠦᠷᠭᠡ ᠶᠢ ᠡᠭᠦᠷᠭᠡᠯᠡᠵᠦ ᠪᠦᠬᠦᠢ ᠪᠠᠶᠢᠭᠤᠯᠤᠮᠵᠢ ᠪᠠ ᠠᠵᠢᠯᠲᠠᠨ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠬᠤᠳᠠᠯᠳᠤᠭ᠎ᠠ ᠪᠠ ᠮᠡᠷᠭᠡᠵᠢᠯ ᠤᠨ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠭᠤᠥᠯᠴᠢ ᠠᠷᠢᠭᠤᠨ ᠴᠢᠬᠡᠴᠢ ᠪᠠᠶᠢᠵᠤ᠂ ᠬᠤᠯᠪᠣᠭᠳᠠᠯ ᠪᠦᠬᠦᠢ ᠲᠣᠭᠲᠠᠭᠠᠯ᠂ ᠶᠠᠪᠤᠴᠠ ᠶᠢ ᠴᠢᠩᠭ᠎ᠠ ᠵᠢᠷᠤᠮᠯᠠᠨ ᠬᠢᠨᠠᠨ ᠲᠣᠭᠲᠠᠭᠠᠬᠤ ᠬᠡᠷᠡᠭᠲᠡᠢ᠃    ᠬᠤᠷᠢᠨ ᠨᠢᠭᠡᠳᠦᠭᠡᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠬᠤ ᠪᠠᠨ ᠦᠨᠡᠨᠬᠦ ᠴᠢᠩᠭᠠᠳᠬᠠᠵᠤ᠂ ᠬᠢᠨᠠᠨ ᠲᠣᠭᠲᠠᠭᠠᠬᠤ ᠶᠠᠪᠤᠴᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠠᠴᠠ ᠪᠣᠯᠵᠤ ᠮᠠᠭᠤ ᠦᠷ᠎ᠡ ᠳ᠋ᠦᠩ ᠭᠠᠷᠭᠠᠭᠰᠠᠨ ᠬᠢᠨᠠᠨ ᠲᠣᠭᠲᠠᠭᠠᠬᠤ ᠪᠠᠶᠢᠭᠤᠯᠤᠮᠵᠢ ᠪᠤᠶᠤ ᠬᠤᠪᠢ ᠬᠥᠮᠥᠨ ᠤ ᠬᠢᠨᠠᠨ ᠲᠣᠭᠲᠠᠭᠠᠬᠤ ᠠᠵᠢᠯ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ᠂ ᠲᠡᠭᠦᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠠᠵᠢᠯᠯᠠᠵᠤ ᠪᠠᠶᠢᠭ᠎ᠠ ᠨᠢᠭᠡᠴᠢ ᠳᠤᠨᠢ ᠳᠡᠪᠰᠢᠭᠦᠯᠵᠦ ᠰᠠᠬᠢᠯᠭ᠎ᠠ ᠪᠠᠲᠤ ᠶᠢᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠬᠤᠷᠢᠨ ᠬᠤᠶᠠᠳᠤᠭᠠᠷ ᠵᠦᠢᠯ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ᠂ ᠦᠨᠡᠮᠯᠡᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠢ ᠭᠡᠳ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠲᠡᠮᠳᠡᠭ᠂ ᠱᠠᠩᠨᠠᠯ ᠤᠨ ᠮᠧᠳᠠᠯ᠂ ᠦᠨᠡᠮᠯᠡᠯ ᠢ ᠬᠠᠭᠤᠷᠮᠠᠭᠯᠠᠨ ᠵᠣᠬᠢᠶᠠᠬᠤ ᠪᠤᠶᠤ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠂ ᠵᠥᠷᠢᠴᠡᠭᠰᠡᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠣᠯᠣᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ    ᠬᠤᠷᠢᠨ ᠭᠤᠷᠪᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠠᠯᠪᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠃        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃        ᠠᠷᠠᠳ ᠤᠨ ᠪᠦᠯᠬᠦᠮ ᠤᠳ᠂ ᠰᠣᠨᠢᠨ ᠮᠡᠳᠡᠭᠡᠯᠡᠯ ᠤᠨ ᠨᠢᠭᠡᠴᠢ ᠨᠦᠭᠦᠳ᠃                    ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                    2023 ᠣᠨ ᠤ 5 ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2