ᠬᠤᠲᠠ ᠶᠢᠨ ᠤᠳᠤᠷᠢᠳᠤᠯᠭ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠪᠠ
ᠨᠡᠶᠢᠲᠡᠯᠡᠭᠰᠡᠨ ᠴᠠᠭ᠄
2023/8/10
    8 ᠰᠠᠷ᠎ᠠ ᠶᠢᠨ 7 ᠤ ᠡᠳᠦᠷ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠪᠠ᠃ ᠬᠡᠰᠡᠭ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠯᠲᠡ ᠨᠢ ᠡᠮᠬᠢ ᠵᠢᠷᠤᠮ ᠦᠭᠡᠢ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠴᠢᠩᠭ᠎ᠠ ᠪᠢᠰᠢ᠂ ᠪᠠᠷᠢᠯᠭ᠎ᠠ ᠶᠢᠨ ᠠᠵᠢᠯᠲᠠᠨ ᠤ ᠮᠡᠳᠡᠭᠡ ᠵᠠᠩᠭᠢ ᠶᠢᠨ ᠰᠠᠭᠤᠷᠢ ᠲᠤᠭ᠎ᠠ ᠶᠢ ᠲᠣᠳᠣᠷᠬᠠᠢ ᠲᠡᠮᠳᠡᠭᠯᠡᠭᠰᠡᠨ ᠦᠭᠡᠢ᠂ ᠣᠷᠣᠵᠤ ᠭᠠᠷᠤᠭᠰᠠᠨ ᠴᠠᠭ ᠤᠨ ᠲᠡᠮᠳᠡᠭᠯᠡᠯ ᠳᠤᠲᠠᠮᠠᠭ᠂ ᠪᠠᠷᠢᠯᠭ᠎ᠠ ᠶᠢᠨ ᠭᠠᠵᠠᠷ ᠲᠤ ᠠᠵᠢᠯᠯᠠᠵᠤ ᠪᠠᠶᠢᠭ᠎ᠠ ᠬᠡᠰᠡᠭ ᠬᠥᠮᠥᠰ ᠬᠠᠮᠠᠭᠠᠯᠠᠯᠲᠠ ᠶᠢᠨ ᠮᠠᠯᠠᠭᠠᠢ ᠪᠠᠨ ᠵᠡᠭᠦᠭᠰᠡᠨ ᠦᠭᠡᠢ ᠵᠡᠷᠭᠡ ᠠᠰᠠᠭᠤᠳᠠᠯ ᠢ ᠲᠤᠬᠠᠢ ᠶᠢᠨ ᠲᠠᠯᠠᠪᠤᠷ ᠲᠤ ᠢᠯᠡᠷᠡᠭᠦᠯᠪᠡ᠃    ᠢᠦᠢ ᠬᠠᠢ ᠴᠧᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠢᠯᠡᠷᠡᠭᠦᠯᠦᠭᠰᠡᠨ ᠠᠰᠠᠭᠤᠳᠠᠯ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠭᠦᠯᠬᠦ ᠪᠠᠷ ᠲᠣᠬᠢᠷᠠᠭᠤᠯᠵᠤ᠂ ᠪᠥᠬᠦ ᠶᠠᠪᠤᠴᠠ ᠶᠢ ᠳᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠪᠣᠯ ᠳᠠᠪᠠᠵᠤ ᠪᠣᠯᠣᠰᠢ ᠦᠭᠡᠢ ᠤᠯᠠᠭᠠᠨ ᠱᠤᠭᠤᠮ ᠮᠥᠨ ᠭᠡᠳᠡᠭ ᠢ ᠭᠦᠢᠴᠡᠳ ᠲᠠᠨᠢᠵᠤ᠂ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠴᠢᠩᠭᠠᠳᠬᠠᠨ᠂ ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠠ ᠰᠡᠷᠡᠮᠵᠢᠯᠡᠭᠦᠯᠬᠦ ᠤᠬᠠᠭᠤᠯᠭ᠎ᠠ ᠶᠢ ᠦᠨᠡᠨ ᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2