︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/11
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                               2023 ᠣᠨ ᠤ 6 ᠰᠠᠷ᠎ᠠ ᠶᠢᠨ 7 ᠤ ᠡᠳᠦᠷ                                                ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠳᠤᠮᠳᠠᠳᠤ ᠤᠯᠤᠰ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠵᠣᠷᠢᠭᠰᠠᠨ ᠭᠠᠵᠠᠷ︾ ︵ᠭᠠᠷᠠᠭ ᠤᠨ ᠰᠡᠭᠦᠯᠴᠢ ᠶᠢᠨ ᠰᠡᠯᠡᠭᠦᠴᠡᠯ ᠵᠢᠭᠤᠯᠴᠢᠯᠠᠯ ᠤᠨ ᠵᠣᠷᠢᠭᠰᠠᠨ ᠭᠠᠵᠠᠷ᠂ ᠬᠤᠪᠢᠰᠬᠠᠯ ᠤᠨ ᠰᠤᠳᠤᠯᠭᠠᠨ ᠰᠤᠷᠤᠯᠭ᠎ᠠ ᠶᠢᠨ ᠵᠢᠭᠤᠯᠴᠢᠯᠠᠯ ᠤᠨ ᠵᠣᠷᠢᠭᠰᠠᠨ ᠭᠠᠵᠠᠷ᠂ ᠪᠡᠶ᠎ᠡ ᠴᠢᠭᠢᠷᠠᠭᠵᠢᠭᠤᠯᠬᠤ ᠵᠢᠭᠤᠯᠴᠢᠯᠠᠯ ᠤᠨ ᠵᠣᠷᠢᠭᠰᠠᠨ ᠭᠠᠵᠠᠷ ᠪᠠ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠵᠣᠷᠢᠭᠰᠠᠨ ᠭᠠᠵᠠᠷ︶ ᠢ ᠬᠦᠴᠦᠯᠡᠨ ᠪᠣᠶ ᠪᠣᠯᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠭ ᠳᠠᠯᠪᠠᠭ᠎ᠠ ᠡᠷᠭᠦᠨ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠢᠨ᠎ᠡ ᠬᠥᠮᠥᠨ ᠢ ᠬᠥᠮᠥᠵᠢᠭᠦᠯᠵᠦ᠂ ᠰᠣᠶᠣᠯ ᠢ ᠬᠥᠭᠵᠢᠭᠦᠯᠦᠨ᠂ ᠳᠦᠷᠢ ᠲᠥᠷᠬᠦ ᠪᠠᠨ ᠭᠠᠶᠢᠬᠠᠭᠤᠯᠬᠤ︾ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠲᠤᠪᠤᠶᠢᠯᠭᠠᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠰᠡᠳᠬᠢᠴᠡ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢ ᠬᠤᠯᠪᠣᠯᠴᠠᠵᠤ᠂ ᠬᠥᠬᠡᠬᠤᠲᠠ ᠪᠤᠭᠤᠲᠤ ᠣᠷᠳᠣᠰ ᠲᠠᠢ ᠬᠠᠮᠵᠢᠯᠴᠠᠵᠤ᠂ ᠪᠡᠭᠡᠵᠢᠩ ᠲᠢᠶᠠᠨᠵᠢᠨ ᠾᠧᠪᠧᠢ ᠳᠤ ᠠᠭᠤᠰᠤᠯᠴᠠᠵᠤ᠂ ᠭᠤᠸᠠᠩᠳᠦ᠋ᠩ ᠰᠢᠶᠠᠩᠭᠠᠩ ᠣᠣᠮᠧᠨ ᠢ ᠥᠷᠭᠡᠳᠬᠡᠵᠦ᠂ ᠳᠤᠮᠳᠠᠳᠤ ᠤᠷᠤᠰ ᠮᠣᠩᠭᠤᠯ ᠢ ᠬᠤᠯᠪᠣᠵᠤ᠂ ᠨᠡᠶᠢᠰᠯᠡᠯ ᠤᠨ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃     ᠬᠤᠶᠠᠷ᠂ ᠶᠡᠷᠦᠩᠬᠡᠢ ᠬᠠᠷᠠᠯᠲᠠ    ︽ᠳᠥᠷᠪᠡᠨ ᠵᠣᠷᠢᠭᠰᠠᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ︾ ᠭᠡᠬᠦ ᠬᠤᠲᠠ ᠶᠢᠨ ᠨᠠᠷᠠᠲᠤ ᠲᠡᠮᠳᠡᠭᠲᠦ ᠶᠢ ᠭᠦᠨᠵᠡᠭᠡᠢ ᠬᠠᠭᠠᠯᠪᠤᠷᠢᠯᠠᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠰᠢᠯᠢᠳᠡᠭ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠬᠡᠷᠡᠭᠯᠡᠭᠡᠨ ᠤ ᠵᠠᠭᠪᠤᠷ ᠢ ᠢᠳᠡᠪᠬᠢᠲᠡᠢ ᠪᠠᠷ ᠪᠣᠶᠢᠵᠢᠭᠤᠯᠵᠤ᠂ ᠶᠡᠷᠦᠩᠬᠡᠶᠢᠯᠡᠭᠰᠡᠨ ᠦᠷ᠎ᠡ ᠠᠰᠢᠭ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠪᠣᠳᠠᠲᠠᠢ ᠬᠠᠷᠠᠯᠲᠠ ᠨᠢ᠄ 2025 ᠣᠨ ᠪᠣᠯᠬᠤ ᠳᠤ᠂ ᠤᠯᠤᠰ ᠤᠨ 5A ᠲᠠᠰ ᠤᠨ ᠦᠵᠡᠮᠵᠢ ᠶᠢᠨ ᠣᠷᠣᠨ ︵ᠵᠢᠭᠤᠯᠴᠢᠯᠠᠯ ᠠᠮᠠᠷᠠᠯᠲᠠ ᠶᠢᠨ ᠣᠷᠣᠨ︶ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ 2 ︵ᠰᠣᠶᠣᠯ ᠪᠠ ᠵᠢᠭᠤᠯᠴᠢᠯᠠᠯ ᠤᠨ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ︶᠂ ᠤᠯᠤᠰ ᠤᠨ ᠬᠥᠬᠡ ᠲᠠᠰ ᠤᠨ ᠠᠷᠠᠳ ᠤᠨ ᠣᠷᠣᠨ ᠰᠠᠭᠤᠴᠠ 5᠂ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ 2 ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ 60 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ 10 ᠠᠴᠠ ᠳᠡᠭᠡᠭᠰᠢ ︵ᠡᠭᠦᠨ ᠳᠤ ᠭᠤᠣᠯ ᠬᠤᠲᠠ ᠲᠣᠭᠤᠷᠢᠭ ᠤᠨ 5 ᠠᠴᠠ ᠳᠡᠭᠡᠭᠰᠢ︶ ᠶᠢ ᠪᠣᠶᠢᠵᠢᠭᠤᠯᠵᠤ᠂ ᠵᠢᠯ ᠤᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 3000 ᠲᠦᠮᠡᠨ ᠬᠥᠮᠥᠨ ᠤᠳᠠᠭ᠎ᠠ ᠠᠴᠠ ᠳᠡᠭᠡᠭᠰᠢ ᠪᠠᠶᠢᠬᠤ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠶᠡᠷᠦᠩᠬᠡᠶᠢᠯᠡᠭᠰᠡᠨ ᠣᠷᠣᠯᠭ᠎ᠠ ᠶᠢ 350 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ ᠪᠥᠬᠦ ᠬᠤᠲᠠ ᠶᠢᠨ GDP ᠳᠤ ᠡᠵᠡᠯᠡᠬᠦ ᠬᠤᠪᠢ ᠶᠢᠨ ᠵᠢᠩ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠭᠤᠷᠪᠠ᠂ ᠭᠤᠣᠯ ᠡᠭᠦᠷᠭᠡ    ︵ᠨᠢᠭᠡ︶ ᠠᠮᠢ ᠠᠬᠤᠢ ᠶᠢᠨ ᠵᠢᠭᠤᠯᠴᠢᠯᠠᠯ ᠢ ᠦᠷᠭᠦᠯᠵᠢᠯᠡᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠭᠠᠷᠠᠭ ᠤᠨ ᠰᠡᠭᠦᠯᠴᠢ ᠶᠢᠨ ᠰᠡᠯᠡᠭᠦᠴᠡᠯ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ    1. ᠲᠠᠯ᠎ᠠ ᠨᠤᠲᠤᠭ ᠤᠨ ᠵᠤᠰᠠᠯᠠᠩ ᠤᠨ ᠡᠬᠢ ᠪᠠᠶᠠᠯᠢᠭ ᠲᠤ ᠲᠦᠰᠢᠭᠯᠡᠨ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ ᠢ ᠪᠦᠲᠦᠭᠡᠨ ᠪᠠᠶᠢᠭᠤᠯᠤᠨ᠎ᠠ᠃ ᠮᠠᠨ ᠤ ᠬᠤᠲᠠ ᠶᠢᠨ ︽ᠲᠠᠯ᠎ᠠ ᠨᠤᠲᠤᠭ ᠤᠨ ᠮᠦᠽᠧᠢ︾ ᠥᠨᠳᠥᠷ ᠠᠭᠤᠯᠠ ᠶᠢᠨ ᠨᠤᠭᠤ ᠶᠢᠨ ᠲᠠᠯ᠎ᠠ ᠨᠤᠲᠤᠭ᠂ ᠭᠠᠯᠲᠤ ᠠᠭᠤᠯᠠ ᠶᠢᠨ ᠲᠠᠯ᠎ᠠ ᠨᠤᠲᠤᠭ᠂ ᠡᠯᠡᠰᠦᠷᠬᠡᠭᠵᠢᠭᠰᠡᠨ ᠲᠠᠯ᠎ᠠ ᠨᠤᠲᠤᠭ ᠵᠡᠷᠭᠡ ᠲᠥᠷᠥᠯ ᠵᠦᠢᠯ ᠢᠶᠠᠷ ᠪᠦᠷᠢᠨ ᠭᠦᠢᠴᠡᠳ ᠲᠠᠯ᠎ᠠ ᠨᠤᠲᠤᠭ ᠤᠨ ᠡᠬᠢ ᠪᠠᠶᠠᠯᠢᠭ ᠪᠠ ᠵᠤᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ 18.8 ᠭᠷᠡᠳᠦ᠋ᠰ ᠤᠨ ᠠᠭᠤᠷ ᠠᠮᠢᠰᠬᠤᠯ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠳᠥᠷᠪᠡᠳ ᠬᠤᠰᠢᠭᠤᠨ ᠤ ᠭᠡᠭᠡᠨ ᠲᠠᠯ᠎ᠠ ᠦᠵᠡᠮᠵᠢ ᠶᠢᠨ ᠣᠷᠣᠨ ᠤ ᠤᠯᠤᠰ ᠤᠨ 5A ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ᠂ ᠵᠦᠸᠧᠽᠢ ᠰᠢᠶᠠᠨ ᠤ ᠯᠢᠨ ᠬᠦ᠋ ᠶᠢᠨ ᠡᠷᠲᠡᠨ ᠤ ᠴᠠᠶᠢᠵᠠ ᠶᠢᠨ ᠦᠵᠡᠮᠵᠢ ᠶᠢᠨ ᠣᠷᠣᠨ ᠤ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠶᠢᠨ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠤᠯᠠᠭᠠᠨᠴᠠᠪ ᠤᠨ ᠠᠷᠪᠠᠨ ᠶᠡᠭᠡ ᠵᠤᠰᠠᠯᠠᠩ ᠤᠨ ᠠᠮᠠᠷᠠᠯᠲᠠ ᠪᠠ ᠡᠷᠡᠭᠦᠯᠵᠢᠯ ᠰᠤᠪᠢᠯᠠᠯᠲᠠ ᠶᠢᠨ ᠰᠣᠳᠣᠨ ᠵᠠᠮ ᠱᠤᠭᠤᠮ ᠢ ᠳᠡᠯᠭᠡᠷᠡᠭᠦᠯᠦᠨ᠂ ᠲᠠᠯ᠎ᠠ ᠨᠤᠲᠤᠭ ᠤᠨ ᠵᠤᠰᠠᠯᠠᠩ ᠤᠨ ᠠᠮᠠᠷᠠᠯᠲᠠ ᠪᠠ ᠡᠷᠡᠭᠦᠯᠵᠢᠯ ᠰᠣᠪᠢᠯᠠᠯᠲᠠ ᠵᠢᠭᠤᠯᠴᠢᠯᠠᠯ ᠤᠨ ᠦᠢᠯᠡᠴᠢᠯᠡᠭᠡᠨ ᠤ ᠪᠥᠬᠦ ᠬᠡᠯᠬᠢᠶᠡᠵᠢᠭᠰᠡᠨ ᠰᠢᠰᠲ᠋ᠧᠮᠵᠢ ᠶᠢ ᠪᠣᠶ ᠪᠣᠯᠭᠠᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾ ᠶᠢᠨ ᠨᠠᠷᠠᠲᠤ ᠲᠡᠮᠳᠡᠭ ᠤᠨ ᠳᠦᠷᠢ ᠲᠥᠷᠬᠦ ᠶᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶    2. ᠠᠭᠤᠯᠠ ᠤᠰᠤᠨ ᠤ ᠡᠬᠢ ᠪᠠᠶᠠᠯᠢᠭ ᠲᠤ ᠲᠦᠰᠢᠭᠯᠡᠨ᠂ ᠰᠡᠯᠡᠭᠦᠴᠡᠯ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢ ᠬᠥᠭᠵᠢᠭᠦᠯᠦᠨ᠎ᠡ᠃ ᠪᠦᠬᠦ ᠬᠤᠲᠠ ᠶᠢᠨ ᠰᠢᠯᠢᠳᠡᠭ ᠰᠠᠶᠢᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦᠨ ᠤ ᠠᠮᠢ ᠠᠬᠤᠢ ᠶᠢᠨ ᠡᠬᠢ ᠪᠠᠶᠠᠯᠢᠭ ᠢ ᠠᠰᠢᠭᠯᠠᠵᠤ᠂ ᠨᠢᠭᠡ ᠪᠦᠯᠦᠭ ᠣᠶ ᠰᠢᠭᠤᠢ᠂ ᠬᠠᠯᠠᠭᠤᠨ ᠷᠠᠰᠢᠶᠠᠨ᠂ ᠨᠠᠭᠤᠷ ᠴᠥᠭᠦᠷᠥᠮ᠂ ᠲᠠᠮᠢᠷ ᠤᠨ ᠬᠥᠳᠡᠯᠭᠡᠭᠡᠨ ᠵᠡᠷᠭᠡ ᠠᠭᠤᠯᠠ ᠤᠰᠤ ᠰᠡᠯᠡᠭᠦᠴᠡᠯ ᠡᠷᠡᠭᠦᠯᠵᠢᠯ ᠰᠣᠪᠢᠯᠠᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠯᠢᠨ ᠬᠦ᠋ ᠶᠢᠨ ᠡᠷᠲᠡᠨ ᠤ ᠴᠠᠶᠢᠵᠠ᠂ ᠰᠤᠮᠤᠨ ᠠᠭᠤᠯᠠ᠂ ᠳᠠᠭ᠎ᠠ ᠶᠢᠨ ᠨᠠᠭᠤᠷ᠂ ᠴᠠᠷ ᠨᠠᠭᠤᠷ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠣᠶ ᠰᠢᠭᠤᠢ ᠶᠢᠨ ᠡᠷᠡᠭᠦᠯᠵᠢᠯ ᠰᠤᠪᠢᠯᠠᠯᠲᠠ᠂ ᠠᠭᠤᠯᠠ ᠤᠰᠤᠨ ᠤ ᠰᠡᠯᠡᠭᠦᠴᠡᠯ᠂ ᠠᠭᠤᠯᠠᠷᠬᠠᠭ ᠭᠠᠵᠠᠷ ᠤᠨ ᠲᠠᠮᠢᠷ ᠤᠨ ᠬᠥᠳᠡᠯᠭᠡᠭᠡᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠤᠳᠤᠯᠤᠯ᠂ ᠠᠮᠢ ᠠᠬᠤᠢ ᠶᠢᠨ ᠠᠮᠠᠷᠠᠯᠲᠠ ᠵᠡᠷᠭᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠳᠡᠭᠡᠭᠰᠢᠯᠡᠭᠦᠯᠬᠦ ᠶᠢ ᠳᠡᠮᠵᠢᠵᠦ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠦᠸᠧᠽᠢ ᠰᠢᠶᠠᠨ᠂ ᠯᠢᠶᠡᠩᠴᠧᠩ ᠰᠢᠶᠠᠨ ᠵᠡᠷᠭᠡ ᠭᠠᠵᠠᠷ ᠤᠨ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠣᠨᠴᠠᠯᠢᠭᠲᠤ ᠲᠥᠷᠥᠯ ᠵᠦᠢᠯ ᠢ ᠳᠣᠪᠣᠶᠢᠯᠭᠠᠨ ᠪᠠᠶᠢᠭᠤᠯᠵᠤ᠂ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠰᠡᠯᠡᠭᠦᠴᠡᠯ ᠰᠤᠪᠢᠯᠠᠯᠲᠠ ᠶᠢᠨ ᠵᠢᠭᠤᠯᠴᠢᠯᠠᠯ ᠢ ᠨᠠᠷᠢᠯᠢᠭ ᠬᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶     3. ᠠᠷᠠᠳ ᠤᠨ ᠣᠷᠣᠨ ᠰᠠᠭᠤᠴᠠ ᠶᠢᠨ ᠳᠠᠪᠠᠭᠤᠯᠢᠭ ᠲᠤ ᠲᠦᠰᠢᠭᠯᠡᠨ᠂ ᠬᠥᠳᠡᠭᠡ ᠲᠣᠰᠬᠤᠨ ᠤ ᠰᠤᠪᠢᠯᠠᠯᠲᠠ ᠪᠠ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠦᠨ᠎ᠡ᠃ ︽ᠦᠵᠡᠮᠵᠢ ᠶᠢᠨ ᠣᠷᠣᠨ ᠢᠶᠠᠷ ᠲᠣᠰᠬᠤᠨ ᠢ ᠳᠠᠶᠢᠴᠢᠯᠠᠬᠤ᠂ ᠴᠢᠳᠠᠪᠤᠷᠢᠲᠠᠨ ᠢᠶᠠᠷ ᠡᠷᠦᠬᠡ ᠶᠢ ᠳᠠᠭᠠᠭᠤᠯᠬᠤ᠂ ᠲᠥᠷᠥᠯ ᠵᠦᠢᠯ ᠢᠶᠠᠷ ᠳᠠᠭᠠᠭᠤᠯᠬᠤ᠂ ᠠᠷᠠᠳ ᠤᠨ ᠣᠷᠣᠨ ᠰᠠᠭᠤᠴᠠ ᠶᠢ ᠳᠡᠭᠡᠭᠰᠢᠯᠡᠭᠦᠯᠬᠦ︾ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ ᠲᠤᠬᠠᠢ ᠶᠢᠨ ᠭᠠᠵᠠᠷ ᠤᠨ ᠣᠨᠴᠠᠯᠢᠭ ᠪᠠ ᠢᠯᠡ ᠲᠣᠳᠣ ᠭᠤᠣᠯ ᠰᠡᠳᠦᠪ ᠢ ᠳᠣᠪᠤᠶᠢᠯᠭᠠᠵᠤ᠂ ᠵᠢᠨᠢᠩ ᠲᠣᠭᠤᠷᠢᠭ ᠤᠨ ᠯᠢ ᠯᠤ᠋ ᠬᠦ᠋ ᠲᠣᠰᠬᠤᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ ᠼᠦᠨ ᠲᠣᠰᠬᠤᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠶᠢᠨ ᠭᠠᠯᠲᠤ ᠠᠭᠤᠯᠠ ᠵᠡᠷᠭᠡ ᠥᠯᠢᠭᠡᠷ ᠲᠠᠢ᠂ ᠥᠩᠭᠡᠷᠡᠭᠡᠯᠲᠡ ᠲᠠᠢ᠂ ᠨᠤᠲᠤᠭ ᠤᠨ ᠮᠥᠷᠥᠭᠡᠳᠦᠯ ᠲᠠᠢ ᠠᠷᠠᠳ ᠤᠨ ᠣᠷᠣᠨ ᠰᠠᠭᠤᠴᠠ ᠶᠢᠨ ᠰᠦᠷᠦᠭᠵᠢᠯ ᠢ ᠪᠦᠲᠦᠭᠡᠨ ᠪᠠᠶᠢᠭᠤᠯᠵᠤ᠂ ︽ᠠᠷᠠᠳ ᠤᠨ ᠣᠷᠣᠨ ᠰᠠᠭᠤᠴᠠ + ᠪᠣᠳᠠᠰ ᠤᠨ ᠪᠤᠰᠤ ᠰᠣᠶᠣᠯ ᠤᠨ ᠥᠪ︾ ︽ᠠᠷᠠᠳ ᠤᠨ ᠣᠷᠣᠨ ᠰᠠᠭᠤᠴᠠ + ᠤᠷᠠᠯᠢᠭ︾ ︽ᠠᠷᠠᠳ ᠤᠨ ᠣᠷᠣᠨ ᠰᠠᠭᠤᠴᠠ + ᠠᠷᠠᠳ ᠤᠨ ᠵᠠᠩ ᠦᠶᠯᠡ︾ ︽ᠠᠷᠠᠳ ᠤᠨ ᠣᠷᠣᠨ ᠰᠠᠭᠤᠴᠠ + ᠠᠮᠲᠠᠲᠤ ᠢᠳᠡᠭᠡᠨ︾ ︽ᠠᠷᠠᠳ ᠤᠨ ᠣᠷᠣᠨ ᠰᠠᠭᠤᠴᠠ + ᠠᠵᠢᠯᠯᠠᠭ᠎ᠠ︾ ᠵᠡᠷᠭᠡ ᠠᠷᠠᠳ ᠤᠨ ᠣᠷᠣᠨ ᠰᠠᠭᠤᠴᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠣᠶ ᠪᠣᠯᠭᠠᠵᠤ᠂ ᠠᠮᠢ ᠠᠬᠤᠢ ᠶᠢᠨ ᠬᠥᠳᠡᠭᠡ ᠲᠣᠰᠬᠤᠨ ᠤ ᠨᠠᠮ ᠰᠡᠯᠡᠭᠦᠨ ᠪᠥᠭᠡᠳ ᠭᠤᠶᠢᠳᠠ ᠰᠠᠶᠢᠬᠠᠨ ᠢ ᠲᠣᠪᠤᠶᠢᠯᠭᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠳᠡᠭᠡᠭᠰᠢᠯᠡᠭᠦᠯᠦᠨ᠎ᠡ᠃ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠣᠯᠣᠨ ᠹᠧᠩᠵᠧᠨ ᠬᠤᠲᠠ ᠶᠢᠨ ᠯᠢᠦᠢ ᠺᠠᠩ ᠶᠤᠸᠠᠨ ᠵᠡᠷᠭᠡ ᠭᠤᠷᠪᠠᠨ ᠣᠳᠣᠨ ᠲᠠᠰ  ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠭᠡᠷ ᠪᠦᠯᠢ ᠶᠢᠨ ᠵᠢᠭᠤᠯᠴᠢᠯᠠᠯ ᠵᠢᠴᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠩ ᠹᠦ᠋ ᠲᠥᠪᠡᠳ ᠬᠠᠰᠢ ᠶᠢᠨ ᠵᠢᠵᠢᠭ ᠪᠠᠯᠭᠠᠰᠤᠨ ᠤ ᠲᠥᠷᠥᠯ ᠵᠦᠢᠯ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠭᠤᠯᠠᠨ ᠪᠤᠯᠠᠭ ᠨᠣᠭᠤᠭᠠᠨ ᠬᠤᠲᠠ᠂ ᠳᠥᠷᠪᠡᠳ ᠬᠤᠰᠢᠭᠤᠨ ᠤ  ᠰᠢᠮ᠎ᠡ ᠶᠢᠨ ᠭᠤᠣᠯ ᠰᠣᠶᠣᠯ ᠤᠨ ᠬᠦᠷᠢᠶᠡᠯᠡᠩ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠠᠷᠠᠳ ᠤᠨ ᠣᠷᠣᠨ ᠰᠠᠭᠤᠴᠠ ᠶᠢᠨ ᠲᠦᠷᠭᠡᠨ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠬᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶    ︵ᠬᠤᠶᠠᠷ︶ ᠰᠣᠶᠣᠯ ᠤᠨ ᠵᠤᠭᠠᠴᠠᠯ ᠢ ᠭᠦᠨᠵᠡᠭᠡᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠤᠪᠢᠰᠬᠠᠯ ᠤᠨ ᠰᠤᠳᠤᠯᠭᠠᠨ ᠰᠤᠷᠤᠯᠴᠠᠯᠭ᠎ᠠ ᠶᠢᠨ ᠵᠤᠭᠠᠴᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ    4. ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠬᠤᠪᠢᠰᠬᠠᠯ ᠤᠨ ᠡᠷᠳᠡᠮ ᠰᠢᠨᠵᠢᠯᠡᠭᠡᠨ ᠤ ᠵᠢᠭᠤᠯᠴᠢᠯᠠᠯ ᠢ ᠥᠷᠨᠢᠭᠦᠯᠦᠨ᠎ᠡ᠃ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯᠲᠤ ᠬᠦᠷᠢᠶᠡᠯᠡᠩ᠂ ᠯᠢᠶᠡᠩᠴᠧᠩ ᠰᠢᠶᠠᠨ ᠤ ᠾᠧ ᠯᠦᠩ ᠤᠨ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ ᠪᠠᠭᠤᠷᠢ᠂ ᠰᠤᠮᠤᠨ ᠠᠭᠤᠯᠠ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠵᠡᠷᠭᠡ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠦᠵᠡᠮᠵᠢ ᠶᠢᠨ ᠣᠷᠣᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ᠂ ᠬᠤᠪᠢᠰᠬᠠᠯ ᠤᠨ ᠳᠤᠷᠠᠰᠬᠠᠯ ᠤᠨ ᠲᠠᠯᠠᠪᠤᠷ ᠣᠷᠳᠣᠨ ᠵᠢᠴᠢ ᠬᠤᠪᠢᠯᠭᠠᠨ ᠣᠩᠭᠤᠴᠠᠨ ᠤ ᠭᠡᠷ ᠣᠷᠣᠨ᠂ ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠭᠰᠠᠨ ᠵᠡᠷᠭᠡ ᠰᠣᠶᠣᠯ ᠤᠨ ᠡᠬᠢ ᠪᠠᠶᠠᠯᠢᠭ ᠢ ᠨᠡᠶᠢᠳᠬᠡᠵᠦ᠂ ᠪᠥᠬᠦ ᠬᠤᠲᠠ ᠶᠢᠨ ᠬᠤᠪᠢᠰᠬᠠᠯ ᠤᠨ ᠰᠤᠳᠤᠯᠭᠠᠨ ᠰᠤᠷᠤᠯᠴᠠᠯᠭ᠎ᠠ ᠶᠢᠨ ᠠᠭᠤᠯᠭ᠎ᠠ ᠶᠢ ᠡᠮᠬᠢᠯᠡᠨ ᠳᠢᠭᠯᠡᠵᠦ᠂ ᠬᠤᠪᠢᠰᠬᠠᠯ ᠤᠨ ᠰᠤᠳᠤᠯᠭᠠᠨ ᠰᠤᠷᠤᠯᠴᠠᠯᠭ᠎ᠠ ᠶᠢᠨ ᠬᠢᠴᠢᠶᠡᠯ ᠤᠨ ᠰᠢᠰᠲ᠋ᠧᠮᠵᠢ ᠶᠢ ᠨᠠᠶᠢᠷᠠᠭᠤᠯᠤᠨ ᠵᠣᠬᠢᠶᠠᠵᠤ᠂ ᠬᠤᠪᠢᠰᠬᠠᠯ ᠤᠨ ᠰᠤᠳᠤᠯᠭᠠᠨ ᠰᠤᠷᠤᠯᠴᠠᠯᠭ᠎ᠠ ᠶᠢᠨ ᠦᠵᠡᠮᠵᠢ ᠶᠢᠨ ᠣᠷᠣᠨ᠂ ᠰᠠᠭᠤᠷᠢᠨ ᠭᠠᠵᠠᠷ ︵ᠬᠤᠸᠠᠷᠠᠨ︶ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠪᠢᠰᠬᠠᠯ ᠤᠨ ᠰᠤᠳᠤᠯᠭᠠᠨ ᠰᠤᠷᠤᠯᠴᠠᠯᠭ᠎ᠠ ᠶᠢᠨ ᠰᠣᠳᠣᠨ ᠵᠠᠮ ᠱᠤᠭᠤᠮ ᠢ ᠤᠬᠠᠭᠤᠯᠤᠨ ᠳᠡᠯᠭᠡᠷᠡᠭᠦᠯᠵᠦ᠂ ᠬᠤᠪᠢᠰᠬᠠᠯ ᠤᠨ ᠰᠤᠳᠤᠯᠭᠠᠨ ᠰᠤᠷᠤᠯᠴᠠᠯᠭ᠎ᠠ ᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ᠃ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯᠲᠤ ᠬᠦᠷᠢᠶᠡᠯᠡᠩ ᠤᠨ ᠤᠯᠤᠰ ᠤᠨ 5A ᠦᠵᠡᠮᠵᠢ ᠶᠢᠨ ᠣᠷᠣᠨ ᠳᠤ ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠯᠢᠶᠡᠩᠴᠧᠩ ᠰᠢᠶᠠᠨ ᠤ ᠾᠧ ᠯᠦᠩ ᠤᠨ ᠬᠤᠪᠢᠰᠬᠠᠯ ᠤᠨ ᠳᠤᠷᠠᠰᠬᠠᠯ ᠤᠨ ᠣᠷᠳᠣᠨ ᠵᠡᠷᠭᠡ ᠶᠢᠨ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠫᠢᠩ ᠰᠦᠢ ᠲᠡᠮᠦᠷ ᠵᠠᠮ ᠤᠨ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠦᠵᠡᠯ ᠰᠠᠨᠠᠭᠠᠨ ᠤ ᠣᠶᠢᠯᠠᠭᠠᠯᠲᠠ ᠶᠢ ᠬᠥᠭᠵᠢᠭᠦᠯᠵᠦ᠂ ᠤᠯᠠᠭᠠᠨᠴᠠᠪ ᠤᠨ ᠬᠤᠪᠢᠰᠬᠠᠯ ᠤᠨ ᠦᠯᠢᠭᠡᠷ ᠪᠣᠯᠣᠨ ᠤᠳᠤ ᠦᠶ᠎ᠡ ᠶᠢᠨ ᠬᠥᠮᠥᠰ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ ᠵᠤᠭᠠᠴᠠᠭᠰᠠᠳ ᠲᠤ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠭᠤᠯᠬᠤ ᠶᠢᠨ ᠬᠠᠮᠲᠤ ᠥᠪᠡᠷ ᠤᠨ ᠦᠵᠡᠯ ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠪᠢᠰᠬᠠᠯ ᠤᠨ ᠭᠧᠨ ᠢ ᠦᠷᠭᠦᠯᠵᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠲᠡᠦᠬᠡ ᠤᠯᠤᠰ ᠲᠥᠷᠥ ᠰᠤᠳᠤᠯᠬᠤ ᠲᠠᠰᠤᠭ᠂ ᠰᠤᠷᠭᠠᠨ ᠬᠥᠮᠦᠵᠢᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶    5. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠦᠬᠦ ᠬᠤᠲᠠ ᠶᠢᠨ ︽ᠲᠦᠮᠡᠨ ᠭᠠᠵᠠᠷ ᠤᠨ ᠴᠠᠢ ᠶᠢᠨ ᠵᠠᠮ ᠡᠸᠦ᠋ᠷᠦᠫᠡ ᠠᠽᠢᠶ᠎ᠠ ᠲᠠᠢ ᠵᠠᠯᠭᠠᠯᠳᠤᠵᠤ᠂ ᠤᠷᠲᠤ ᠴᠠᠭᠠᠨ ᠬᠡᠷᠡᠮ ᠤᠨ ᠬᠤᠶᠠᠷ ᠲᠠᠯ᠎ᠠ ᠪᠠᠷ ᠨᠤᠲᠤᠭ ᠤᠰᠤ᠂ ᠲᠠᠯ᠎ᠠ ᠨᠤᠲᠤᠭ ᠤᠨ ᠵᠤᠰᠠᠯᠠᠩ ᠤᠨ ᠭᠠᠵᠠᠷ ᠮᠢᠩᠭᠠᠨ ᠵᠢᠯ᠂ ᠦᠨᠳᠦᠰᠦᠲᠡᠨ ᠤ ᠠᠭᠤᠰᠤᠯᠴᠠᠯ ᠨᠢᠭᠡ ᠭᠡᠷ ᠤᠨ ᠬᠥᠮᠥᠨ ᠮᠡᠲᠦ︾ ᠭᠡᠬᠦ ᠭᠦᠨ ᠵᠤᠵᠠᠭᠠᠨ ᠲᠡᠦᠬᠡ ᠶᠢᠨ ᠠᠭᠤᠯᠬᠤᠨ ᠢ ᠠᠭᠤᠳᠠᠯᠵᠤ᠂ ︽ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ︾ ᠶᠢ ᠪᠠᠷᠢᠮᠲᠠᠯᠠᠵᠤ᠂ ᠰᠣᠶᠣᠯ ᠤᠨ ᠥᠪ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠥᠷᠪᠡᠳ ᠬᠤᠰᠢᠭᠤᠨ ᠤ ᠭᠡᠭᠡᠨ ᠲᠠᠯ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠲᠡᠨ ᠰᠢᠯᠢ ᠬᠤᠩᠬᠤᠷ ᠭᠤᠤ ᠵᠡᠷᠭᠡ ᠦᠵᠡᠮᠵᠢ ᠶᠢᠨ ᠣᠷᠣᠨ ᠤ ᠤᠷᠠᠨ ᠰᠠᠶᠢᠬᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠦᠸᠧᠽᠢ ᠰᠢᠶᠠᠨ ᠤ ᠯᠢᠨ ᠬᠦ᠋ ᠶᠢᠨ ᠡᠷᠲᠡᠨ ᠤ ᠴᠠᠶᠢᠵᠠ᠂ ᠰᠢᠩ ᠾᠧ ᠰᠢᠶᠠᠨ ᠤ ᠰᠣᠮᠣᠨ ᠠᠭᠤᠯᠠ ᠵᠡᠷᠭᠡ ᠦᠵᠡᠮᠵᠢ ᠶᠢᠨ ᠣᠷᠣᠨ ᠤ ᠰᠣᠶᠣᠯ ᠤᠨ ᠠᠭᠤᠯᠬᠤᠨ ᠢ ᠲᠡᠭᠦᠯᠳᠡᠷᠵᠢᠭᠦᠯᠵᠦ᠂ ᠹᠧᠩᠵᠧᠨ ᠬᠤᠲᠠ ᠶᠢᠨ ᠯᠦᠩ ᠱᠧᠩ ᠵᠤᠸᠠᠩ ᠡᠷᠲᠡᠨ ᠤ ᠪᠠᠯᠭᠠᠰᠤ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠬᠤ ᠶᠢ ᠳᠡᠮᠵᠢᠵᠦ᠂ ᠲᠠᠯ᠎ᠠ ᠨᠤᠲᠤᠭ᠂ ᠭᠠᠵᠠᠷ ᠰᠢᠨᠵᠢᠯᠡᠭᠡ᠂ ᠰᠣᠶᠣᠯ ᠢᠷᠭᠡᠨᠰᠢᠯ ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠳᠠᠯᠢ ᠪᠤᠰᠤ ᠭᠤᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾᠂ ᠳᠣᠭᠤᠢ ᠤᠨᠤᠵᠤ ᠠᠶᠠᠯᠠᠬᠤ ᠵᠡᠷᠭᠡ ᠭᠤᠣᠯ ᠰᠡᠳᠦᠪ ᠢᠶᠠᠷ ᠢᠯᠡ ᠲᠣᠳᠣ ᠰᠣᠳᠣᠨ ᠵᠠᠮ ᠱᠤᠭᠤᠮ ᠢ ᠲᠥᠯᠥᠪᠵᠢᠭᠦᠯᠦᠨ ᠳᠡᠯᠭᠡᠷᠡᠭᠦᠯᠵᠦ᠂ ᠮᠦᠽᠧᠢ ᠶᠢᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭ ᠪᠣᠯᠭᠠᠬᠤ᠂ ᠵᠢᠭᠤᠯᠴᠢᠯᠠᠯ ᠤᠨ ᠤᠷᠠᠨ ᠲᠣᠭᠯᠠᠯᠲᠠ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠡᠷᠭᠡ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠲᠦᠷᠭᠡᠳᠬᠡᠨ᠎ᠡ᠃ ᠳᠥᠷᠪᠡᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   ︵ᠭᠤᠷᠪᠠ︶ ᠣᠯᠠᠨ ᠲᠦᠮᠡᠨᠴᠢ ᠬᠥᠳᠡᠯᠭᠡᠭᠡᠨ ᠪᠠ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠰᠢᠨ᠎ᠡ ᠶᠢ ᠡᠭᠦᠳᠦᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠪᠡᠶ᠎ᠡ ᠴᠢᠭᠢᠷᠠᠭᠵᠢᠭᠤᠯᠬᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ ᠪᠣᠯᠭᠠᠨ᠎ᠠ   6. ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠨᠴᠠᠯᠢᠭᠲᠤ ᠮᠥᠰᠥ ᠴᠠᠰᠤᠨ ᠤ ᠵᠢᠭᠤᠯᠴᠢᠯᠠᠯ ᠢ ᠢᠳᠡᠪᠬᠢᠲᠡᠢ ᠥᠷᠨᠢᠭᠦᠯᠦᠨ᠎ᠡ᠃ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭᠠᠬᠢ ᠴᠠᠭ ᠦᠶ᠎ᠡ ᠶᠢᠨ ᠮᠥᠰᠥ ᠴᠠᠰᠤᠨ ᠤ ︽ᠪᠡᠭᠡᠵᠢᠩ ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠰᠣᠶᠣᠯ ᠵᠢᠭᠤᠯᠴᠢᠯᠠᠯ ᠤᠨ ᠪᠦᠰᠡ︾᠂ ︽ᠪᠡᠭᠡᠵᠢᠩ ᠲᠢᠶᠠᠨᠵᠢᠨ ᠾᠧᠪᠧᠢ ᠱᠠᠨ ᠰᠢ ᠶᠢᠨ ᠠᠵᠤ ᠠᠬᠤᠢ ᠶᠢᠨ ᠬᠦᠷᠢᠶ᠎ᠡ︾᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠲᠡᠮᠡᠭᠡᠲᠦ ᠶᠢ ᠨᠢᠭᠡ ᠴᠣᠭᠴᠠᠵᠢᠭᠤᠯᠬᠤ︾᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ︾ ᠪᠠᠷ ᠪᠦᠲᠦᠭᠡᠨ ᠪᠠᠶᠢᠭᠤᠯᠤᠯᠲᠠ ᠶᠢᠨ ᠲᠠᠪᠴᠠᠩ ᠪᠣᠯᠭᠠᠵᠤ᠂ ᠯᠢᠶᠡᠩᠴᠧᠩ ᠤᠨ ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠣᠨᠴᠠᠯᠢᠭᠲᠤ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠯᠢᠶᠡᠩᠴᠧᠩ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ᠂ ᠵᠢᠨᠢᠩ ᠲᠣᠭᠤᠷᠢᠭ ᠤᠨ ᠳ᠋ᠠ ᠾᠧ ᠸᠠᠨ ᠤ ᠴᠠᠰᠤᠨ ᠳᠤ ᠭᠤᠯᠭᠤᠬᠤ ᠲᠠᠯᠠᠪᠠᠶ ᠵᠡᠷᠭᠡ ᠲᠥᠷᠥᠯ ᠵᠦᠢᠯ ᠤᠨ ᠶᠠᠰᠤ ᠴᠢᠨᠠᠷ ᠪᠠ ᠦᠢᠯᠡᠴᠢᠯᠡᠭᠡ ᠶᠢ ᠳᠡᠭᠡᠭᠰᠢᠯᠡᠭᠦᠯᠦᠨ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠮᠥᠰᠥ ᠴᠠᠰᠤᠨ ᠤ ᠵᠢᠭᠤᠯᠴᠢᠯᠠᠯ ᠤᠨ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠮᠥᠰᠥ ᠴᠠᠰᠤᠨ ᠳᠤ ᠭᠤᠯᠭᠤᠬᠤ ᠪᠠ ᠣᠯᠠᠨ ᠲᠦᠮᠡᠨᠴᠢ ᠴᠢᠨᠠᠷᠲᠠᠢ ᠴᠠᠰᠤᠨ ᠳᠤ ᠭᠤᠯᠭᠤᠬᠤ᠂ ᠮᠥᠰᠥᠨ ᠳᠤ ᠲᠡᠰᠢᠬᠦ ᠠᠵᠢᠯᠯᠠᠭ᠎ᠠ ᠶᠢ ᠠᠬᠢᠭᠤᠯᠤᠨ᠎ᠠ᠃ ᠮᠥᠰᠥ ᠴᠠᠰᠤᠨ ᠤ ᠤᠷᠤᠯᠳᠤᠭᠠᠨ᠂ ᠮᠥᠰᠥ ᠴᠠᠰᠤᠨ ᠤ ᠪᠣᠯᠪᠠᠰᠤᠷᠠᠯ ᠵᠡᠷᠭᠡ ᠠᠵᠢᠯᠯᠠᠭ᠎ᠠ ᠳᠤ ᠲᠦᠰᠢᠭᠯᠡᠨ᠂ ᠠᠷᠠᠳ ᠤᠨ ᠵᠠᠩ ᠳᠠᠳᠬᠠᠯ᠂ ᠠᠮᠲᠠᠲᠤ ᠢᠳᠡᠭᠡᠨ᠂ ᠰᠡᠯᠡᠭᠦᠴᠡᠯ ᠵᠡᠷᠭᠡ ᠤᠯᠠᠨ ᠡᠯᠧᠮᠧᠨ᠋ᠲ ᠢ ᠠᠭᠤᠰᠤᠯᠴᠠᠭᠤᠯᠤᠨ ᠮᠥᠰᠥ ᠴᠠᠰᠤᠨ ᠤ ᠵᠤᠭᠠᠴᠠᠯ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ   7. ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠳᠤ ᠲᠦᠰᠢᠭᠯᠡᠨ᠂ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠵᠢᠭᠤᠯᠴᠢᠯᠠᠯ ᠢ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠣᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠤᠯᠠᠭᠠᠨᠴᠠᠪ ᠤᠨ ᠣᠯᠠᠨ ᠤᠯᠤᠰ ᠤᠨ ᠮᠠᠷᠠᠽᠤᠨ ᠤᠷᠤᠯᠳᠤᠭᠠᠨ᠂ ᠲᠦᠮᠡᠨ ᠬᠥᠮᠥᠨ ᠤ ᠶᠠᠪᠠᠭᠠᠨ ᠠᠯᠬᠤᠬᠤ ᠤᠷᠤᠯᠳᠤᠭᠠᠨ᠂ ᠪᠥᠬᠦ ᠤᠯᠤᠰ ᠤᠨ ᠴᠢᠨᠠᠷᠲᠠᠢ ᠣᠯᠠᠨ ᠲᠦᠮᠡᠨ ᠤ ᠬᠡᠶᠢᠲᠦ ᠠᠯᠠᠭᠠᠳᠠᠬᠤ ᠪᠥᠮᠪᠦᠭᠡ᠂ ᠵᠠᠯᠠᠭᠤᠴᠤᠳ ᠪᠠᠭᠠᠴᠤᠳ ᠤᠨ ᠬᠦᠷᠳᠦᠲᠦ ᠲᠡᠰᠢᠯᠲᠡ ᠶᠢᠨ ᠤᠷᠢᠯᠭ᠎ᠠ ᠶᠢᠨ ᠤᠷᠤᠯᠳᠤᠭᠠᠨ᠂ ᠬᠢᠬᠢᠷᠢ ᠶᠢᠨ ᠨᠠᠭᠤᠷ / ᠳᠠᠭ᠎ᠠ ᠶᠢᠨ ᠨᠠᠭᠤᠷ / ᠨᠠᠷᠠᠰᠤᠨ ᠭᠤᠣᠯ ᠢ ᠲᠣᠭᠤᠷᠢᠭᠰᠠᠨ ᠳᠣᠭᠤᠢ ᠲᠠᠢ ᠠᠶᠠᠯᠠᠯ᠂  ᠬᠦᠢᠲᠡᠨ ᠰᠢᠯᠢ ᠶᠢᠨ ᠠᠭᠤᠯᠠᠨ ᠭᠠᠵᠠᠷ ᠤᠨ ᠮᠠᠷᠠᠽᠤᠨ ᠤᠷᠤᠯᠳᠤᠭᠠᠨ ᠵᠡᠷᠭᠡ ᠨᠢᠭᠡ ᠪᠦᠯᠦᠭ ᠨᠥᠯᠥᠭᠡ ᠪᠦᠬᠦᠢ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠪᠠᠷ ᠳᠠᠭᠠᠭᠠᠨ ᠡᠷᠭᠢᠯᠡᠨ᠎ᠡ᠃ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ᠂ ᠤᠷᠤᠯᠳᠤᠭᠠᠨ ᠤ ᠶᠠᠪᠤᠳᠠᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠣᠮᠣ ᠬᠡᠯᠪᠡᠷᠢ ᠶᠢᠨ ᠤᠷᠤᠯᠳᠤᠭᠠᠨ ᠤ ᠶᠠᠪᠤᠳᠠᠯ ᠢ ᠳᠠᠭᠠᠭᠠᠨ ᠡᠷᠭᠢᠯᠡᠬᠦ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠨᠡᠶᠢᠭᠡᠮ ᠲᠣᠭᠤᠷᠢᠭ ᠲᠤ ᠣᠷᠣᠭᠤᠯᠬᠤ ᠶᠢ ᠬᠠᠮᠤᠷᠤᠭᠰᠠᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠴᠢᠨᠠᠷ ᠢ ᠰᠠᠶᠢᠵᠢᠷᠠᠭᠤᠯᠤᠨ᠂ ᠮᠠᠨ ᠤ ᠬᠤᠲᠠ ᠶᠢᠨ ︽ᠡᠷᠡᠭᠦᠯᠵᠢᠯ ᠰᠤᠪᠢᠯᠠᠯᠲᠠ + ᠪᠡᠶ᠎ᠡ ᠶᠢᠨ ᠲᠠᠮᠢᠷ︾ ᠤᠨ ᠨᠠᠷᠠᠲᠤ ᠲᠥᠷᠥᠯ ᠲᠡᠮᠳᠡᠭᠲᠦ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   8. ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠲᠠᠭᠠᠨ ᠲᠦᠰᠢᠭᠯᠡᠨ᠂ ᠬᠤᠪᠢ ᠪᠠᠷ ᠵᠢᠯᠤᠭᠤᠳᠴᠤ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ ᠪᠠ ᠬᠡᠭᠡᠷ᠎ᠡ ᠪᠠᠭᠤᠳᠠᠯᠯᠠᠵᠤ ᠵᠤᠭᠠᠴᠠᠬᠤ ᠰᠢᠯᠢᠳᠡᠭ ᠰᠣᠩᠭᠤᠯᠲᠠ ᠶᠢᠨ ᠭᠠᠵᠠᠷ ᠢ ᠪᠦᠲᠦᠭᠡᠨ ᠪᠠᠶᠢᠭᠤᠯᠤᠨ᠎ᠠ᠃ ︽ᠵᠠᠮ ᠨᠡᠪᠲᠡᠷᠡᠯᠭᠡ ᠶᠢᠨ ᠤᠯᠠᠭᠠᠨᠴᠠᠪ︾ ᠤᠨ ᠳᠥᠷᠪᠡᠨ ᠵᠦᠭ ᠨᠠᠢᠮᠠᠨ ᠵᠣᠪᠬᠢᠰ ᠲᠤ ᠬᠤᠯᠪᠣᠯᠳᠣᠨ ᠨᠡᠪᠲᠡᠷᠡᠬᠦ  ᠳᠠᠪᠠᠭᠤᠯᠢᠭ ᠢ ᠪᠠᠳᠠᠷᠠᠭᠤᠯᠵᠤ᠂ ᠵᠢᠨᠢᠩ ᠲᠣᠭᠤᠷᠢᠭ ᠤᠨ ᠯᠢ ᠯᠤ᠋ ᠬᠦ᠋ ᠶᠢᠨ ᠭᠡᠷᠲᠦ ᠲᠡᠷᠭᠡᠨ ᠤ ᠪᠠᠭᠤᠴᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠶᠣᠣ ᠯᠣᠣ ᠴᠢᠤᠸᠠᠨ ᠤ ᠭᠡᠷᠲᠦ ᠲᠡᠷᠭᠡᠨ ᠤ ᠪᠠᠭᠤᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠲᠡᠨ ᠰᠢᠯᠢ ᠶᠢᠨ ᠭᠡᠷᠲᠦ ᠲᠡᠷᠭᠡᠨ ᠤ ᠪᠠᠭᠤᠴᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ  ᠶᠢᠨ ᠲᠠᠯ᠎ᠠ ᠨᠤᠲᠤᠭ ᠤᠨ ᠭᠡᠷᠲᠦ ᠲᠡᠷᠭᠡᠨ ᠤ ᠪᠠᠭᠤᠴᠠ᠂ ᠳᠥᠷᠪᠡᠳ ᠬᠤᠰᠢᠭᠤᠨ ᠤ  ᠤᠯᠠᠭᠠᠨ ᠬᠠᠳᠠᠨ ᠤ ᠳᠡᠨᠵᠢ ᠭᠠᠵᠠᠷ ᠤᠨ ᠭᠡᠷᠲᠦ ᠲᠡᠷᠭᠡᠨ ᠤ ᠪᠠᠭᠤᠴᠠ᠂ ᠵᠦᠸᠧᠽᠢ ᠰᠢᠶᠠᠨ ᠤ ︽ᠵᠠᠭᠤᠨ ᠭᠠᠵᠠᠷ ᠤᠨ ᠵᠢᠷᠤᠭᠲᠤ ᠬᠤᠩᠬᠢᠯ︾ ᠭᠡᠷᠲᠦ ᠲᠡᠷᠭᠡᠨ ᠤ ᠪᠠᠭᠤᠴᠠ᠂ ᠯᠢᠶᠡᠩᠴᠧᠩ ᠰᠢᠶᠠᠨ ᠤ ᠮᠠ ᠬᠤᠸᠠ ᠬᠠᠯᠠᠭᠤᠨ ᠷᠠᠰᠢᠶᠠᠨ ᠤ ᠭᠡᠷᠲᠦ ᠲᠡᠷᠭᠡᠨ ᠤ ᠪᠠᠭᠤᠴᠠ᠂ ᠰᠢᠩ ᠾᠧ ᠰᠢᠶᠠᠨ ᠤ ᠯᠤ᠋ ᠯᠢ ᠬᠠᠢ ᠪᠠᠢ ᠮᠧᠶ ᠲᠣᠰᠬᠤᠨ ᠤ ᠭᠡᠷᠲᠦ ᠲᠡᠷᠭᠡᠨ ᠤ ᠪᠠᠭᠤᠴᠠ ᠵᠡᠷᠭᠡ ᠬᠤᠪᠢ ᠪᠠᠷ ᠢᠶᠠᠨ ᠵᠢᠯᠤᠭᠤᠳᠴᠤ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠪᠠᠭᠤᠴᠠ ᠶᠢ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠶᠢᠨ ᠰᠢᠨᠵᠢᠯᠡᠭᠡ᠂ ᠤᠨᠤᠵᠤ ᠠᠶᠠᠯᠠᠬᠤ ᠵᠡᠷᠭᠡ ᠬᠤᠪᠢ ᠪᠠᠷ ᠢᠶᠠᠨ ᠵᠢᠯᠤᠭᠤᠳᠬᠤ ᠠᠳᠠᠯᠢ ᠪᠤᠰᠤ ᠭᠤᠣᠯ ᠰᠡᠳᠦᠪᠲᠦ ᠵᠠᠮ ᠱᠤᠭᠤᠮ ᠢ ᠳᠡᠯᠭᠡᠷᠡᠭᠦᠯᠵᠦ᠂ ᠭᠡᠷ ᠤᠨ ᠭᠠᠳᠠᠨᠠᠬᠢ᠂ ᠶᠠᠪᠠᠭᠠᠨ ᠢᠶᠠᠷ᠂ ᠬᠡᠭᠡᠷ᠎ᠡ ᠶᠢᠨ ᠴᠤᠭᠯᠠᠷᠠᠯ ᠤᠨ ᠤᠷᠤᠯᠳᠤᠭᠠᠨ᠂ ᠬᠤᠪᠢ ᠪᠠᠷ ᠢᠶᠠᠨ ᠵᠢᠯᠤᠭᠤᠳᠴᠤ ᠬᠡᠭᠡᠷ᠎ᠡ ᠪᠠᠭᠤᠳᠠᠯᠯᠠᠬᠤ ᠵᠡᠷᠭᠡ ᠤᠷᠤᠯᠳᠤᠭᠠᠨ ᠤ ᠠᠵᠢᠯᠯᠠᠭ᠎ᠠ ᠶᠢ ᠡᠷᠬᠢᠯᠡᠵᠦ᠂ ᠬᠤᠪᠢ ᠪᠠᠷ ᠢᠶᠠᠨ ᠵᠢᠯᠤᠭᠤᠳᠴᠤ ᠵᠤᠭᠠᠴᠠᠬᠤ ᠳᠤ ᠰᠢᠯᠢᠳᠡᠭ ᠢ ᠨᠢ ᠰᠣᠩᠭᠤᠬᠤ ᠭᠠᠵᠠᠷ᠂ ᠬᠡᠭᠡᠷ᠎ᠡ ᠪᠠᠭᠤᠳᠠᠯᠯᠠᠵᠤ ᠵᠤᠭᠠᠴᠠᠬᠤ ᠳᠤ ᠰᠢᠯᠢᠳᠡᠭ ᠢ ᠨᠢ ᠰᠣᠩᠭᠤᠬᠤ ᠭᠠᠵᠠᠷ ᠤᠨ ᠲᠦᠷᠦᠯ ᠲᠡᠮᠳᠡᠭ ᠢ ᠦᠷᠭᠦᠯᠵᠢᠯᠡᠨ ᠪᠤᠢ ᠪᠣᠯᠭᠠᠨ᠎ᠠ᠃ ᠣᠶᠤᠨᠲᠤ ᠵᠢᠭᠤᠯᠴᠢᠯᠠᠯ ᠤᠨ ᠣᠨᠳᠣᠣ ᠭᠠᠵᠠᠷ ᠲᠡᠷᠭᠡ ᠲᠦᠷᠢᠶᠡᠰᠦᠯᠡᠵᠦ ᠪᠤᠴᠠᠭᠠᠬᠤ ᠲᠠᠪᠴᠠᠩ ᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠪᠣᠳᠣᠯᠭ᠎ᠠ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠦᠭᠡᠮᠡᠯᠵᠢᠭᠦᠯᠬᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ︵ᠱᠣᠩ︶ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠭᠠᠵᠠᠷ ᠣᠷᠣᠨ ᠤ ᠪᠦᠷᠬᠦᠴᠡ ᠪᠠᠷ ᠥᠷᠭᠡᠨ᠂ ᠨᠠᠰᠤᠨ ᠤ ᠱᠠᠲᠤ ᠶᠢᠨ ᠪᠦᠷᠬᠦᠴᠡ ᠪᠠᠷ ᠥᠷᠭᠡᠨ᠂ ᠳᠠᠶᠢᠴᠢᠯᠠᠬᠤ ᠦᠢᠯᠡᠳᠦᠯ ᠢᠶᠠᠷ ᠢᠯᠡᠷᠬᠡᠢ ︽ᠡᠷᠡᠭᠦᠯᠵᠢᠯ ᠰᠤᠪᠢᠯᠠᠯᠲᠠ + ᠬᠤᠪᠢ ᠪᠠᠷ ᠢᠶᠠᠨ ᠲᠡᠷᠭᠡ ᠵᠢᠯᠤᠭᠤᠳᠴᠤ ᠬᠡᠭᠡᠷ᠎ᠡ ᠪᠠᠭᠤᠳᠠᠯᠯᠠᠬᠤ︾ ᠠᠵᠤ ᠦᠢᠯᠡᠰ ᠤᠨ ᠵᠠᠭᠪᠤᠷ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   ︵ᠳᠥᠷᠪᠡ︶ ᠡᠷᠡᠭᠦᠯ ᠮᠡᠨᠳᠦ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ ᠶᠢ ᠪᠣᠶᠢᠵᠢᠭᠤᠯᠤᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠡᠷᠡᠭᠦᠯ ᠮᠡᠨᠳᠦ ᠪᠡᠶ᠎ᠡ ᠰᠤᠪᠢᠯᠠᠯᠲᠠ ᠠᠮᠠᠷᠠᠯᠲᠠ ᠶᠢᠨ ᠵᠣᠷᠢᠭᠰᠠᠨ ᠭᠠᠵᠠᠷ ᠢ ᠪᠣᠶ ᠪᠣᠯᠭᠠᠨ᠎ᠠ   9. ᠡᠮᠴᠢᠯᠡᠭᠡ ᠰᠤᠪᠢᠯᠠᠯᠲᠠ ᠶᠢᠨ ᠪᠡᠯᠡᠳᠬᠡᠮᠵᠢ ᠳᠤ ᠲᠦᠰᠢᠭᠯᠡᠨ᠂ ᠨᠠᠰᠤᠵᠢᠯ ᠤᠨ ᠠᠰᠠᠷᠠᠮᠵᠢ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠬᠥᠭᠵᠢᠭᠦᠯᠦᠨ᠎ᠡ᠃ ᠡᠷᠡᠭᠦᠯᠵᠢᠯ ᠰᠤᠪᠢᠯᠠᠯᠲᠠ ᠶᠢᠨ ᠦᠢᠯᠡᠰ ᠤᠨ ᠪᠡᠯᠡᠳᠬᠡᠮᠵᠢ ᠬᠢᠭᠡᠳ ᠦᠢᠯᠡᠴᠢᠯᠡᠭᠡ ᠶᠢ ᠲᠡᠭᠦᠯᠳᠡᠷᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠲᠤ ᠪᠠᠲᠤ ᠪᠠᠬᠢ ᠰᠠᠭᠤᠷᠢ ᠶᠢ ᠲᠠᠯᠪᠢᠨ᠎ᠠ᠃ ︽ᠨᠠᠰᠤᠲᠠᠨ ᠨᠢᠯᠬᠠᠰ︾ ᠤᠨ ᠡᠷᠡᠭᠦᠯ ᠮᠡᠨᠳᠦ ᠶᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠰᠠᠶᠢᠲᠤᠷ ᠬᠢᠵᠦ᠂ ᠭᠡᠷ ᠲᠡᠭᠡᠨ ᠰᠠᠭᠤᠬᠤ ᠪᠠ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠦᠨᠳᠦᠰᠦᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠢᠶᠠᠩ ᠪᠠᠯᠭᠠᠰᠤ ᠶᠢᠨ ᠨᠠᠰᠤᠵᠢᠯ ᠤᠨ ᠦᠢᠯᠡᠴᠢᠯᠡᠭᠡᠨ ᠤ ᠲᠥᠪ 36᠂ ᠬᠤᠲᠠ ᠪᠠᠯᠭᠠᠰᠤ ᠶᠢᠨ ᠨᠠᠰᠤᠵᠢᠯ ᠤᠨ ᠦᠢᠯᠡᠴᠢᠯᠡᠭᠡᠨ ᠤ ᠥᠷᠲᠡᠭᠡ 13 ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠲᠠᠰ ᠳᠡᠪᠰᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠥᠪ ᠤᠨ ᠡᠵᠡᠩᠨᠡᠯᠲᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   10. ᠡᠮᠴᠢᠯᠡᠭᠡ ᠡᠮ ᠡᠮᠨᠡᠯᠭᠡ ᠡᠷᠡᠭᠦᠯᠵᠢᠯ ᠤᠨ ᠡᠬᠢ ᠪᠠᠶᠠᠯᠢᠭ ᠲᠤ ᠲᠦᠰᠢᠭᠯᠡᠨ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠣᠷᠣᠨ ᠰᠠᠭᠤᠴᠠ ᠵᠤᠭᠠᠴᠠᠯ ᠢ ᠬᠥᠭᠵᠢᠭᠦᠯᠦᠨ᠎ᠡ᠃ ᠪᠥᠬᠦ ᠬᠤᠲᠠ ᠶᠢᠨ ᠠᠭᠤᠷ ᠠᠮᠢᠰᠬᠤᠯ᠂ ᠭᠠᠵᠠᠷ ᠵᠦᠢ ᠭᠠᠵᠠᠷ ᠰᠢᠨᠵᠢᠯᠡᠭᠡ᠂ ᠡᠮᠴᠢᠯᠡᠭᠡ ᠰᠤᠪᠢᠯᠠᠯᠲᠠ᠂ ᠡᠷᠡᠭᠦᠯ ᠮᠡᠨᠳᠦ ᠰᠤᠪᠢᠯᠠᠯᠲᠠ ᠵᠢᠭᠤᠯᠴᠢᠯᠠᠯ ᠤᠨ ᠣᠷᠣᠨ ᠰᠠᠭᠤᠴᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠡᠭᠡᠳᠦ ᠲᠠᠰ ᠤᠨ ᠡᠮᠴᠢᠯᠡᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠡᠷᠡᠭᠦᠯᠵᠢᠯ᠂ ᠰᠣᠶᠣᠯ ᠤᠨ ᠰᠤᠪᠢᠯᠠᠯᠲᠠ᠂ ᠪᠤᠭᠤᠷᠤᠯᠴᠤᠳ ᠤᠨ ᠰᠤᠪᠢᠯᠠᠯᠲᠠ᠂ ᠪᠡᠶ᠎ᠡ ᠶᠢᠨ ᠲᠠᠮᠢᠷ ᠡᠷᠡᠭᠦᠯ ᠮᠡᠨᠳᠦ ᠵᠡᠷᠭᠡ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠷᠠᠭᠠᠯᠠᠨ᠂ ᠪᠥᠬᠦ ᠬᠤᠲᠠ ᠶᠢᠨ ᠰᠣᠶᠣᠯ ᠢᠶᠠᠷ ᠰᠡᠳᠬᠢᠯ ᠰᠠᠨᠠᠭ᠎ᠠ ᠪᠠᠨ ᠲᠡᠵᠢᠭᠡᠬᠦ᠂ ᠵᠢᠭᠤᠯᠴᠢᠯᠠᠯ ᠢᠶᠠᠷ ᠪᠡᠶ᠎ᠡ ᠮᠠᠬᠠᠪᠤᠳ ᠢᠶᠠᠨ ᠰᠤᠪᠢᠯᠠᠬᠤ᠂ ᠣᠷᠴᠢᠨ ᠲᠣᠭᠤᠷᠢᠨ ᠢᠶᠠᠷ ᠪᠡᠶ᠎ᠡ ᠮᠠᠬᠠᠪᠤᠳ ᠢᠶᠠᠨ ᠰᠤᠪᠢᠯᠠᠬᠤ ᠪᠥᠬᠦ ᠨᠠᠰᠤᠨ ᠤ ᠬᠤᠭᠤᠴᠠᠭᠠᠨ ᠳᠠᠬᠢ ᠡᠷᠡᠭᠦᠯᠵᠢᠯ ᠰᠤᠪᠢᠯᠠᠯᠲᠠ ᠶᠢᠨ ᠬᠠᠷᠠᠯᠲᠠ ᠶᠢᠨ ᠣᠷᠣᠨ ᠢ ᠪᠣᠶ ᠪᠣᠯᠭᠠᠨ᠎ᠠ᠃ ᠵᠢᠨᠢᠩ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠲᠦᠷᠦᠭᠦᠦ ᠪᠦᠯᠦᠭ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠭᠠᠵᠠᠷ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠵᠢᠨᠢᠩ ᠲᠣᠭᠤᠷᠢᠭ ᠤᠨ ᠨᠠᠷᠰᠤᠨ ᠤ ᠭᠤᠣᠯ ᠤᠨ ᠬᠥᠪᠡᠭᠡᠨ ᠤ ᠡᠷᠡᠭᠦᠯᠵᠢᠯ ᠤᠨ ᠠᠵᠤ ᠦᠢᠯᠡᠰ ᠤᠨ ᠲᠥᠷᠥᠯ ᠵᠦᠢᠯ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠬᠠᠯᠠᠭᠤᠨ ᠷᠠᠰᠢᠶᠠᠨ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠤᠯᠠᠭᠠᠨᠴᠠᠪ ᠬᠤᠲᠠ ᠶᠢᠨ ᠵᠢᠱᠢᠶ᠎ᠡ ᠦᠵᠡᠭᠦᠯᠬᠦ ᠨᠠᠰᠤᠲᠠᠶᠢᠴᠤᠳ ᠢ ᠠᠰᠠᠷᠠᠬᠤ ᠬᠦᠷᠢᠶᠡᠯᠡᠩ ︵ᠤᠯᠠᠭᠠᠨ ᠭᠤᠶᠣ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ︶᠂ ᠱᠠᠩᠳᠤ ᠰᠢᠶᠠᠨ ᠤ ᠡᠮᠨᠡᠯᠭᠡ ᠶᠢᠨ ᠠᠰᠠᠷᠠᠮᠵᠢ ᠶᠢᠨ ᠬᠦᠷᠢᠶᠡᠯᠡᠩ ︵ᠱᠠᠩᠳᠤ ᠰᠢᠶᠠᠨ ᠤ ᠯᠢᠶᠠᠨ ᠴᠧᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ︶ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠠᠴᠢᠶᠠᠯᠠᠭᠰᠠᠨ ᠰᠣᠶᠣᠯ ᠤᠨ ᠪᠦᠲᠦᠭᠡᠯᠴᠢ ᠰᠡᠳᠬᠢᠮᠵᠢ ᠲᠠᠢ ᠡᠷᠡᠭᠦᠯᠵᠢᠯ ᠰᠤᠪᠢᠯᠠᠯᠲᠠ ᠵᠢᠭᠤᠯᠴᠢᠯᠠᠯ ᠣᠷᠣᠨ ᠰᠠᠭᠤᠴᠠ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠡᠮᠴᠢᠯᠡᠭᠡ ᠰᠤᠪᠢᠯᠠᠯᠲᠠ ᠡᠷᠡᠭᠦᠯᠵᠢᠯ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠣᠷᠣᠨ ᠰᠠᠭᠤᠴᠠ᠂ ᠪᠥᠬᠦ ᠠᠷᠠᠳ ᠤᠨ ᠡᠷᠡᠭᠦᠯ ᠮᠡᠨᠳᠦ ᠪᠠ ᠨᠡᠶᠢᠭᠡᠮ ᠤᠨ ᠨᠠᠰᠤᠵᠢᠯ ᠤᠨ ᠠᠰᠠᠷᠠᠮᠵᠢ ᠵᠡᠷᠭᠡ ᠪᠦᠲᠦᠭᠡᠭᠳᠡᠬᠦᠨ ᠤ ᠰᠢᠰᠲ᠋ᠧᠮᠵᠢ ᠶᠢ ᠪᠦᠷᠢᠨᠰᠢᠭᠦᠯᠵᠦ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠣᠷᠣᠨ ᠰᠠᠭᠤᠴᠠ ᠶᠢᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢᠨ ᠲᠥᠪ᠂ ᠤᠯᠠᠭᠠᠨ ᠭᠤᠶᠤ ᠪᠦᠯᠦᠭᠯᠡᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶    11. ᠣᠨᠴᠠᠯᠢᠭᠲᠤ ᠢᠳᠡᠭᠡᠨ ᠤᠮᠳᠠᠭᠠᠨ ᠤ ᠡᠬᠢ ᠪᠠᠶᠠᠯᠢᠭ ᠲᠤ ᠲᠦᠰᠢᠭᠯᠡᠨ᠂ ᠡᠷᠡᠭᠦᠯᠵᠢᠯ ᠰᠤᠪᠢᠯᠠᠯᠲᠠ ᠠᠮᠲᠠᠲᠤ ᠢᠳᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠣᠶᠢᠷ᠎ᠠ ᠶᠢᠨ ᠵᠢᠯ ᠤᠨ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠣᠶᠢᠵᠢᠭᠤᠯᠤᠯᠲᠠ ᠳᠣᠣᠷᠠᠬᠢ ᠣᠬᠢ ᠰᠠᠶᠢᠨ ᠢᠳᠡᠭᠡᠨ ᠤ ᠮᠠᠲ᠋ᠧᠷᠢᠶᠠᠯ ᠢ ᠦᠢᠯᠡᠳᠪᠦᠷᠢᠯᠡᠨ ᠪᠣᠯᠪᠠᠰᠤᠷᠠᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ ᠪᠠ ᠤᠬᠠᠭᠤᠯᠤᠨ ᠳᠡᠯᠭᠡᠷᠡᠭᠦᠯᠬᠦ ᠵᠡᠷᠭᠡ ᠰᠠᠶᠢᠨ ᠰᠠᠶᠢᠬᠠᠨ ᠰᠠᠭᠤᠷᠢ ᠳᠤ ᠰᠠᠭᠤᠷᠢᠯᠠᠵᠤ᠂ ︽ᠳᠤᠮᠳᠠᠳᠤ ᠤᠯᠤᠰ ᠤᠨ ᠲᠥᠮᠥᠰᠥ ᠶᠢᠨ ᠬᠤᠲᠠ︾᠂ ︽ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠬᠤᠲᠠ︾᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦᠨ ᠤ ᠬᠤᠲᠠ︾ ᠵᠡᠷᠭᠡ ᠨᠡᠷᠡᠲᠦ ᠲᠡᠮᠳᠡᠭ ᠤᠨ ᠡᠬᠢ ᠪᠠᠶᠠᠯᠢᠭ ᠲᠤ ᠲᠦᠰᠢᠭᠯᠡᠨ᠂ ᠤᠯᠠᠭᠠᠨᠴᠠᠪ ᠤᠨ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠢ ᠢᠳᠡᠪᠬᠢᠲᠡᠢ ᠪᠠᠳᠠᠷᠠᠭᠤᠯᠵᠤ᠂ ᠠᠮᠢ ᠠᠬᠤᠢ ᠡᠷᠡᠭᠦᠯ ᠮᠡᠨᠳᠦ ᠶᠢᠨ ᠰᠢᠷᠢᠰ ᠣᠷᠣᠨ ᠨᠤᠲᠤᠭ ᠤᠨ ᠣᠨᠴᠠᠯᠢᠭᠲᠤ ᠢᠳᠡᠭᠡᠨ ᠢ ᠰᠤᠳᠤᠯᠤᠨ ᠦᠢᠯᠡᠳᠴᠦ ᠳᠡᠯᠭᠡᠷᠡᠭᠦᠯᠵᠦ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠲᠠᠢ ᠵᠠᠯᠭᠠᠯᠳᠤᠭᠤᠯᠤᠨ ᠠᠭᠤᠰᠤᠯᠴᠠᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ︽ᠣᠣᠷ ᠠᠮᠲᠠᠲᠤ ᠤᠯᠠᠭᠠᠨᠴᠠᠪ︾ ᠤᠨ ︽ᠤᠯᠠᠭᠠᠨᠴᠠᠪ ᠤᠨ ᠨᠠᠷᠠᠲᠤ ᠨᠣᠭᠤᠭ᠎ᠠ︾᠂ ︽ᠤᠯᠠᠭᠠᠨᠴᠠᠪ ᠤᠨ ᠨᠠᠷᠠᠲᠤ ᠢᠳᠡᠭᠡᠨ︾ ᠢ ᠳᠡᠯᠭᠡᠷᠡᠭᠦᠯᠵᠦ᠂ ᠲᠥᠪ ᠬᠤᠲᠠ ᠲᠣᠭᠤᠷᠢᠭ ᠲᠤ ︽ᠣᠣᠷ ᠠᠮᠲᠠᠲᠤ ᠤᠯᠠᠭᠠᠨᠴᠠᠪ︾ ᠤᠨ ᠨᠠᠷᠠᠲᠤ ᠢᠳᠡᠭᠡᠨ᠂ ᠨᠠᠷᠠᠲᠤ ᠳᠡᠯᠭᠡᠭᠦᠷ ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠷᠡᠭᠦᠯᠵᠢᠯ ᠰᠤᠪᠢᠯᠠᠯᠲᠠ ᠶᠢᠨ ᠲᠠᠯᠠᠪᠤᠷ ᠭᠠᠵᠠᠷ ᠪᠠ ᠬᠤᠲᠠ ᠶᠢᠨ ᠳᠣᠲᠣᠷᠠᠬᠢ ᠨᠠᠷᠠᠲᠤ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠬᠠᠮᠲᠤᠷᠠᠯᠴᠠᠭᠠᠨ ᠤ ᠬᠥᠭᠦᠷᠭᠡ ᠪᠠᠶᠢᠭᠤᠯᠤᠨ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠤ ᠳᠡᠯᠭᠡᠭᠦᠷ ᠨᠡᠭᠡᠭᠡᠵᠦ᠂ ᠠᠮᠲᠠᠲᠤ ᠢᠳᠡᠭᠡᠨ ᠤ ᠪᠠᠶᠠᠷ ᠤᠨ ᠠᠵᠢᠯᠯᠠᠭ᠎ᠠ ᠶᠢ ᠬᠤᠯᠪᠤᠭᠠᠯᠠᠨ ᠥᠷᠨᠢᠭᠦᠯᠵᠦ᠂ ︽ᠭᠤᠶᠣ ᠦᠵᠡᠮᠵᠢ + ᠠᠮᠲᠠᠲᠤ ᠢᠳᠡᠭᠡᠨ︾ ᠢ ᠠᠭᠤᠰᠤᠯᠴᠠᠭᠤᠯᠤᠨ ᠬᠥᠭᠵᠢᠭᠦᠯᠬᠦ ᠪᠠᠶᠢᠳᠠᠯ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶    ᠳᠥᠷᠪᠡ᠂ ᠠᠵᠢᠯ ᠤᠨ ᠠᠷᠭ᠎ᠠ ᠬᠡᠮᠵᠢᠶ᠎ᠡ   12. ᠬᠤᠲᠠ ᠶᠢᠨ IP ᠶᠢ ᠪᠣᠶ ᠪᠣᠯᠭᠠᠵᠤ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠮᠠᠨ ᠤ ᠬᠤᠲᠠ ᠶᠢᠨ ᠪᠡᠭᠡᠵᠢᠩ ᠲᠢᠶᠠᠨᠵᠢᠨ ᠾᠧᠪᠧᠢ ᠶᠢᠨ ᠡᠭᠦᠳᠡ ᠡᠷᠦᠬᠡ ᠳᠤ ᠬᠠᠨᠳᠤᠭᠤᠯᠤᠭᠰᠠᠨ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠣᠷᠣᠨ ᠰᠠᠭᠤᠴᠠ ᠪᠠ ᠵᠤᠭᠠᠴᠠᠯ ᠢ ᠬᠠᠮᠲᠤ ᠪᠠᠷ ᠡᠳ᠋ᠯᠡᠬᠦ ︽ᠨᠡᠶᠢᠰᠯᠡᠯ ᠤᠨ ᠡᠷᠡᠭᠦᠯ ᠮᠡᠨᠳᠦ ᠶᠢᠨ ᠠᠷᠤ ᠲᠠᠯ᠎ᠠ ᠶᠢᠨ ᠴᠡᠴᠡᠷᠯᠢᠭ᠂ ᠲᠠᠯ᠎ᠠ ᠨᠤᠲᠤᠭ ᠤᠨ ᠵᠤᠰᠠᠯᠠᠩ ᠤᠨ ᠵᠣᠴᠢᠯᠠᠬᠤ ᠲᠢᠩᠬᠢᠮ︾ ᠤᠨ ᠬᠡᠷᠡᠭᠯᠡᠭᠡᠨ ᠤ ᠲᠠᠯᠠᠪᠤᠷ ᠢ ᠪᠣᠶ ᠪᠣᠯᠭᠠᠨ᠎ᠠ᠃ ᠵᠢᠨᠢᠩ ᠲᠣᠭᠤᠷᠢᠭ ᠤᠨ ᠵᠢᠨᠢᠩ ᠵᠠᠮ ᠤᠨ ᠰᠣᠶᠣᠯ ᠠᠷᠠᠯᠵᠢᠶ᠎ᠠ ᠬᠤᠳᠠᠯᠳᠤᠭ᠎ᠠ ᠰᠡᠯᠡᠭᠦᠴᠡᠯ ᠤᠨ ᠵᠡᠭᠡᠯᠢ ᠲᠣᠭᠤᠷᠢᠭ᠂ ᠴᠠᠬᠠᠷ ᠡᠷᠲᠡᠨ ᠤ ᠵᠡᠭᠡᠯᠢ ᠭᠤᠳᠤᠮᠵᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠲᠣᠭᠤᠷᠢᠭ ᠢ ᠡᠭᠦᠳᠦᠨ ᠪᠠᠶᠢᠭᠤᠯᠬᠤ ᠶᠢ ᠢᠳᠡᠪᠬᠢᠲᠡᠢ ᠳᠡᠮᠵᠢᠵᠦ᠂ ᠰᠥᠨᠢ ᠶᠢᠨ ᠲᠣᠭᠯᠠᠯᠲᠠ᠂ ᠰᠥᠨᠢ ᠶᠢᠨ ᠦᠵᠡᠭᠦᠯᠦᠯᠭᠡ᠂ ᠰᠥᠨᠢ ᠶᠢᠨ ᠵᠤᠭ᠎ᠠ ᠴᠡᠩᠭᠡᠯ᠂ ᠰᠥᠨᠢ ᠶᠢᠨ ᠳᠠᠶᠢᠯᠠᠯᠭ᠎ᠠ᠂ ᠰᠥᠨᠢ ᠶᠢᠨ ᠬᠤᠳᠠᠯᠳᠤᠭ᠎ᠠ᠂ ᠰᠥᠨᠢ ᠶᠢᠨ ᠬᠤᠨᠤᠭ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠵᠦ᠂ ᠣᠯᠠᠨ ᠶᠠᠩᠵᠤ ᠶᠢᠨ ᠰᠥᠨᠢ ᠶᠢᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠨ᠎ᠠ᠃ ᠪᠠᠶᠠᠷ ᠳᠤᠷᠠᠰᠬᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ᠤᠯᠠᠮᠵᠢᠯᠠᠯᠲᠤ ᠨᠠᠭᠠᠳᠤᠮ᠂ ᠬᠥᠳᠡᠭᠡ ᠲᠣᠰᠬᠤᠨ ᠤ ︽ᠲᠣᠰᠬᠤᠨ ᠤ ᠦᠳᠡᠰᠢ︾ ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠤᠷᠤᠯᠳᠤᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠯᠠᠭᠠᠨᠴᠠᠪ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠵᠢᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠶᠢᠨ ᠭᠠᠯᠲᠤ ᠠᠭᠤᠯᠠ ᠶᠢᠨ ᠲᠠᠯ᠎ᠠ ᠨᠤᠲᠤᠭ ᠤᠨ ᠳᠠᠭᠤᠤ ᠬᠥᠭᠵᠢᠮ ᠤᠨ ᠤᠯᠠᠷᠢᠯ᠂ ᠵᠦᠸᠧᠽᠢ ᠰᠢᠶᠠᠨ ᠤ ᠤᠲᠤᠮᠠᠯ ᠲᠠᠬᠢᠶ᠎ᠠ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠣᠷᠣᠨ ᠨᠤᠲᠤᠭ ᠤᠨ ᠣᠨᠴᠠᠯᠢᠭ ᠲᠠᠢ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠪᠠᠶᠠᠷ ᠳᠤᠷᠠᠰᠬᠠᠯ ᠢ ᠡᠷᠭᠢᠯᠡᠬᠦ ᠲᠣᠭᠲᠠᠴᠠ ᠶᠢ ᠰᠢᠨ᠎ᠡ ᠪᠠᠷ ᠡᠭᠦᠳᠦᠨ ᠰᠦᠪᠡᠭᠴᠢᠯᠡᠵᠦ᠂ ᠬᠤᠷᠠᠯ ᠡᠷᠭᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠬᠤᠲᠠ᠂ ᠬᠤᠰᠢᠭᠤ ᠰᠢᠶᠠᠨ ᠤ ᠪᠠᠶᠠᠷ ᠳᠤᠷᠠᠰᠬᠠᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ᠰᠣᠶᠣᠯ ᠤᠨ ᠵᠢᠭᠤᠯᠴᠢᠯᠠᠯ ᠤᠨ ᠬᠠᠷᠠᠭᠠᠯᠵᠠᠯ ᠤᠨ ᠲᠡᠮᠳᠡᠭᠲᠦ ᠲᠠᠷᠬᠠᠭᠠᠵᠤ᠂ ᠰᠣᠶᠣᠯ ᠤᠨ ᠵᠢᠭᠤᠯᠴᠢᠯᠠᠯ ᠤᠨ ᠬᠡᠷᠡᠭᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠰᠦᠯᠵᠢᠶᠡᠨ ᠳᠡᠭᠡᠷ᠎ᠡ ᠪᠣᠯᠵᠣᠬᠤ᠂ ᠰᠦᠯᠵᠢᠶᠡᠨ ᠤ ᠬᠡᠷᠡᠭᠯᠡᠭᠡᠨ ᠤ ᠰᠢᠨ᠎ᠡ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠵᠤ᠂ ᠰᠦᠯᠵᠢᠶᠡᠨ ᠳᠡᠭᠡᠷᠡᠬᠢ ᠰᠣᠯᠢᠯᠴᠠᠭ᠎ᠠ ᠬᠤᠷᠰᠢᠯᠴᠠᠭ᠎ᠠ᠂ ᠵᠣᠴᠢᠳ ᠢ ᠣᠷᠣᠭᠤᠯᠤᠨ ᠠᠪᠴᠢᠷᠠᠬᠤ᠂ ᠨᠠᠷᠢᠯᠢᠭ ᠣᠨᠣᠴᠠᠲᠠᠢ ᠪᠠᠷ ᠡᠵᠡᠩᠨᠡᠨ ᠪᠣᠷᠣᠯᠠᠭᠤᠯᠬᠤ ᠵᠡᠷᠭᠡ ᠳᠠᠪᠠᠭᠤᠯᠢᠭ ᠢ ᠪᠠᠳᠠᠷᠠᠭᠤᠯᠵᠤ᠂ ᠰᠦᠯᠵᠢᠶᠡᠨ ᠳᠡᠭᠡᠷᠡᠬᠢ ᠬᠡᠷᠡᠭᠯᠡᠭᠴᠢ ᠶᠢ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠪᠣᠯᠭᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   13. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠪᠦᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠳᠥᠷᠪᠡᠳ ᠬᠤᠰᠢᠭᠤᠨ ᠤ ᠤᠯᠠᠭᠠᠨ ᠬᠠᠳᠠᠨ ᠤ ᠳᠡᠨᠵᠢ ᠭᠠᠵᠠᠷ᠂ ᠲᠣᠣᠷᠠᠢ ᠶᠢᠨ ᠣᠶ᠂ ᠱᠠᠩᠳᠤ ᠰᠢᠶᠠᠨ ᠤ ᠳ᠋ᠠ ᠱᠢ ᠵᠢᠶᠠ ᠵᠡᠷᠭᠡ ᠡᠬᠢ ᠪᠠᠶᠠᠯᠢᠭ ᠪᠠ ᠳᠥᠷᠪᠡᠳ ᠬᠤᠰᠢᠭᠤᠨ ᠤ ᠭᠡᠭᠡᠨ ᠲᠠᠯ᠎ᠠ᠂ ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠢ ᠴᠢᠩᠭ᠎ᠠ ᠠᠵᠢᠭᠯᠠᠵᠤ᠂ ︽ᠶᠡᠬᠡᠪᠡᠷ ᠬᠤᠳᠠᠯᠳᠤᠭᠠᠴᠢᠨ ᠤᠷᠢᠬᠤ᠂ ᠲᠣᠮᠣ ᠬᠤᠳᠠᠯᠳᠤᠭᠠᠴᠢᠨ ᠢ ᠤᠷᠢᠬᠤ︾ ᠰᠡᠳᠬᠢᠮᠵᠢ ᠪᠠᠷ᠂ ᠶᠡᠭᠡ ᠪᠠᠷ ᠡᠯᠰᠡᠨ ᠬᠦᠴᠦᠷᠬᠡᠭ ᠢ ᠲᠠᠲᠠᠬᠤ᠂ ᠪᠡᠯᠡ ᠮᠥᠩᠭᠦ ᠪᠠ ᠣᠶᠤᠨ ᠮᠡᠳᠡᠯᠭᠡ ᠶᠢ ᠣᠷᠣᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠢ ᠱᠠᠨ ᠰᠢ ᠵᠡᠷᠭᠡ ᠭᠠᠵᠠᠷ ᠣᠷᠣᠨ ᠤ ᠬᠦᠲᠦᠴᠢ ᠠᠵᠤ ᠠᠬᠤᠶᠢᠯᠠᠯ ᠲᠠᠢ ᠵᠣᠯᠭᠠᠭᠤᠯᠤᠨ᠂ ᠢᠳᠡᠪᠬᠢᠲᠡᠢ ᠪᠠᠷ ᠭᠠᠳᠠᠭᠰᠢ ᠭᠠᠷᠴᠤ ᠲᠥᠷᠥᠯ ᠵᠦᠢᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠪᠠ ᠬᠠᠮᠢᠶᠠᠷᠤᠯᠲᠠ ᠡᠵᠡᠩᠨᠡᠯᠲᠡ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠰᠣᠶᠣᠯ ᠤᠨ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠡᠬᠢ ᠪᠠᠶᠠᠯᠢᠭ ᠢ ᠳᠠᠪᠠᠭᠤᠯᠢᠭ ᠠᠵᠤ ᠠᠬᠤᠶᠢᠯᠠᠯ ᠳᠠᠰᠢ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠨᠢᠭᠡ ᠪᠦᠯᠦᠭ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠦᠴᠦᠯᠡᠨ ᠳᠡᠮᠵᠢᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠤ ᠦᠢᠯᠡᠰ ᠤᠨ ᠬᠥᠲᠥᠴᠢ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠢᠳᠡᠷᠡᠭᠦᠨ ᠢᠶᠠᠷ ᠬᠥᠭᠵᠢᠬᠦ ᠶᠢ ᠲᠡᠳᠬᠦᠨ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   14. ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠬᠢ ᠣᠯᠭᠤᠵᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠤᠯᠤᠰ ᠤᠨ ᠰᠣᠶᠣᠯ ᠤᠨ ᠲᠣᠭᠠᠵᠢᠭᠤᠯᠬᠤ ᠪᠠᠶᠢᠯᠳᠤᠬᠤ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠵᠢᠪᠦᠭᠰᠡᠨ ᠮᠠᠶ᠋ᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠨᠡᠶᠢᠭᠡᠮ ᠤᠨ ᠬᠠᠷᠢᠯᠴᠠᠭᠠᠨ ᠤ ᠰᠢᠭᠤᠳ ᠨᠡᠪᠲᠡᠷᠡᠭᠦᠯᠭᠡ᠂ ᠪᠠᠷᠠᠭ᠎ᠠ ᠠᠪᠴᠤ ᠰᠢᠭᠤᠳ ᠨᠡᠪᠲᠡᠷᠡᠭᠦᠯᠭᠡ ᠵᠢᠴᠢ ᠡᠭᠦᠯᠡᠨ ᠲᠣᠭᠯᠠᠯᠲᠠ ᠶᠢᠨ ᠤᠷᠠᠯᠢᠭ᠂ ᠡᠭᠦᠯᠡᠨ ᠦᠵᠡᠭᠦᠯᠦᠯᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠂ ᠣᠶᠤᠨᠲᠤ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠣᠶᠤᠨᠲᠤ ᠦᠵᠡᠮᠵᠢ ᠶᠢᠨ ᠣᠷᠣᠨ ᠪᠠ ᠡᠷᠡᠭᠦᠯᠵᠢᠯ ᠰᠤᠪᠢᠯᠠᠯᠲᠠ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠲᠣᠭᠠᠵᠢᠭᠤᠯᠬᠤ ᠠᠬᠢᠴᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ᠂ ᠪᠡᠶᠡᠴᠢᠯᠡᠨ ᠣᠶᠢᠯᠠᠭᠠᠬᠤ ᠠᠷᠭ᠎ᠠ ᠮᠠᠶ᠋ᠢᠭ᠂ ᠦᠢᠯᠡᠴᠢᠯᠡᠬᠦ ᠠᠷᠭ᠎ᠠ ᠮᠠᠶ᠋ᠢᠭ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠮᠣ ᠳ᠋ᠠᠶᠢᠲ᠋ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   15. ᠤᠬᠠᠭᠤᠯᠤᠨ ᠳᠡᠯᠭᠡᠷᠡᠭᠦᠯᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠲᠠ ᠶᠢᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ︾ ᠭᠡᠬᠦ ᠨᠠᠷᠠᠲᠤ ᠲᠥᠷᠥᠯ ᠲᠡᠮᠳᠡᠭᠲᠦ ᠶᠢᠨ ᠬᠠᠷᠠᠭᠠᠨ ᠰᠡᠷᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ᠂ ᠨᠡᠶᠢᠭᠡᠮ ᠪᠠ ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠰᠢᠨ᠎ᠡ ᠤᠬᠠᠭᠤᠯᠤᠨ ᠳᠡᠯᠭᠡᠷᠡᠭᠦᠯᠬᠦ ᠪᠠᠶᠢᠷᠢᠰᠢᠯ ᠢ ᠪᠣᠶ ᠪᠣᠯᠭᠠᠨ᠎ᠠ᠃ ᠭᠤᠣᠯ ᠤᠷᠤᠰᠬᠠᠯ ᠤᠨ ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠳᠡᠯᠭᠡᠨ ᠦᠵᠡᠭᠦᠯᠦᠯᠭᠡ ᠳᠤ ᠢᠳᠡᠪᠬᠢᠲᠡᠢ ᠣᠷᠣᠯᠴᠠᠬᠤ ᠪᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠤᠲᠠ ᠶᠢᠨ ᠬᠠᠷᠢᠶ᠎ᠠ ᠲᠠᠢ ᠭᠠᠳᠠᠨ᠎ᠠ ᠣᠷᠣᠨ ᠤ ᠠᠮᠵᠢᠯᠲᠠ ᠲᠠᠢ ᠬᠥᠮᠥᠰ ᠪᠠ ᠲᠤᠬᠠᠢ ᠶᠢᠨ ᠭᠠᠵᠠᠷ ᠤᠨ ᠰᠦᠯᠵᠢᠶᠡᠨ ᠤ ᠨᠡᠷ᠎ᠡ ᠴᠤᠤᠲᠤ ᠬᠥᠮᠥᠰ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢ ᠴᠢᠬᠤᠯᠠᠴᠢᠯᠠᠨ᠂ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠰᠢᠨ᠎ᠡ ᠦᠢᠯᠡᠳᠬᠦᠨ ᠰᠢᠨ᠎ᠡ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠪᠡᠭᠡᠵᠢᠩ ᠲᠢᠶᠠᠨᠵᠢᠨ ᠾᠧᠪᠧᠢ ᠶᠢ ᠬᠠᠮᠵᠢᠯᠴᠠᠭᠤᠯᠤᠨ ᠬᠥᠭᠵᠢᠭᠦᠯᠬᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠵᠡᠷᠭᠡ ᠲᠦᠷᠦ ᠶᠢᠨ ᠪᠣᠳᠣᠯᠭ᠎ᠠ ᠶᠢᠨ ᠠᠬᠤᠢ ᠪᠠᠶᠢᠳᠠᠯ ᠳᠤ ᠲᠦᠰᠢᠭᠯᠡᠨ᠂ ᠪᠡᠭᠡᠵᠢᠩ ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠰᠣᠶᠣᠯ ᠵᠤᠭᠠᠴᠠᠯ ᠤᠨ ᠪᠦᠰᠡ᠂ ᠬᠠᠳᠤᠨ ᠭᠤᠣᠯ ᠤᠨ ᠰᠣᠶᠣᠯ ᠵᠤᠭᠠᠴᠠᠯ ᠤᠨ ᠪᠦᠰᠡ ᠪᠣᠯᠣᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠡᠯᠡᠬᠡᠢ ᠶᠢᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠵᠡᠷᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠠᠭᠤᠰᠤᠯᠴᠠᠵᠤ᠂ ᠬᠠᠮᠲᠤᠷᠠᠯᠴᠠᠭᠠᠨ ᠤ ᠣᠷᠣᠨ ᠪᠦᠰᠡ ᠶᠢᠨ ᠳᠣᠲᠣᠷᠠᠬᠢ ᠦᠵᠡᠮᠵᠢ ᠶᠢᠨ ᠣᠷᠣᠨ ᠢ ᠬᠤᠯᠪᠤᠭᠠᠯᠠᠨ ᠪᠠᠶᠢᠭᠤᠯᠬᠤ᠂ ᠵᠠᠮ ᠱᠤᠭᠤᠮ ᠢ ᠬᠤᠯᠪᠤᠭᠠᠯᠠᠨ ᠠᠬᠢᠭᠤᠯᠬᠤ᠂ ᠠᠵᠢᠯᠯᠠᠭ᠎ᠠ ᠶᠢ ᠬᠤᠯᠪᠤᠭᠠᠯᠠᠨ ᠡᠷᠬᠢᠯᠡᠬᠦ᠂ ᠵᠠᠬ᠎ᠠ ᠳᠡᠯᠭᠡᠭᠦᠷ ᠢ ᠬᠤᠯᠪᠤᠭᠠᠯᠠᠨ ᠥᠷᠭᠡᠳᠬᠡᠬᠦ ᠪᠠ ᠡᠮᠬᠢ ᠳᠢᠭᠯᠢᠮ ᠢ ᠬᠤᠯᠪᠤᠭᠠᠯᠠᠨ ᠵᠠᠰᠠᠬᠤ ᠵᠡᠷᠭᠡ ᠠᠵᠢᠯ ᠢ ᠠᠬᠢᠭᠤᠯᠤᠨ᠎ᠠ᠃ ︽ᠪᠥᠬᠦ ᠤᠯᠤᠰ ᠤᠨ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠬᠤᠲᠠ ᠶᠢᠨ ᠬᠤᠯᠪᠣᠭ᠎ᠠ︾ ᠶᠢᠨ ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠬᠤᠯᠪᠣᠭ᠎ᠠ ᠶᠢᠨ ᠳᠣᠲᠣᠷᠠᠬᠢ ᠪᠤᠰᠤᠳ 10 ᠮᠤᠵᠢ ᠶᠢᠨ 18 ᠬᠤᠲᠠ ᠲᠠᠢ ᠬᠠᠮᠲᠤ ᠪᠠᠷ ᠣᠷᠳᠣ ᠬᠤᠭᠤᠴᠠᠭᠠᠨ ᠤ ᠲᠣᠭᠲᠠᠭᠤᠨ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠤᠨ᠂ ᠪᠥᠬᠦ ᠲᠠᠯ᠎ᠠ ᠶᠢᠨ᠂ ᠭᠦᠨ ᠲᠠᠰ ᠳᠠᠪᠬᠤᠷᠭ᠎ᠠ ᠶᠢᠨ᠂ ᠣᠯᠠᠨ ᠬᠦᠷᠢᠶ᠎ᠡ ᠴᠠᠷᠠᠭ᠎ᠠ ᠶᠢᠨ ︽ᠨᠡᠭᠦᠳᠡᠯ ᠤᠨ ᠰᠢᠪᠠᠭᠤ ᠮᠠᠶ᠋ᠢᠭ︾ ᠤᠨ ᠬᠠᠮᠲᠤᠷᠠᠯᠴᠠᠭᠠᠨ ᠤ ᠪᠠᠶᠢᠷᠢᠰᠢᠯ ᠢ ᠪᠣᠶ ᠪᠣᠯᠭᠠᠵᠤ᠂ ᠬᠤᠯᠪᠣᠭ᠎ᠠ ᠶᠢᠨ ᠥᠯᠢᠭᠡᠷ ᠢ ᠰᠠᠶᠢᠲᠤᠷ ᠶᠠᠷᠢᠵᠤ᠂ ᠡᠷᠡᠭᠦᠯᠵᠢᠯ ᠰᠣᠪᠢᠯᠠᠯᠲᠠ ᠶᠢᠨ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠵᠦ᠂ ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠬᠦᠴᠦᠷᠬᠡᠭᠵᠢᠭᠦᠯᠦᠨ᠂ ᠬᠤᠲᠠ ᠶᠢᠨ ᠳᠦᠷᠢ ᠲᠥᠷᠬᠦ ᠶᠢ ᠢᠯᠡᠷᠡᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶   16. ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ︽ᠶᠠᠰᠤ ᠴᠢᠨᠠᠷ ᠢᠶᠠᠷ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠶᠢ ᠲᠤᠭᠤᠰᠢᠯᠠᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠠᠵᠤ ᠠᠬᠤᠶᠢᠯᠠᠯ ᠤᠨ ᠥᠪᠡᠷᠮᠢᠴᠡᠵᠢᠭᠰᠡᠨ᠂ ᠣᠯᠠᠨ ᠶᠠᠩᠵᠤᠯᠠᠭᠰᠠᠨ᠂ ᠵᠤᠷᠰᠢᠯᠵᠢᠭᠰᠠᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠤᠨ᠂ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ︾ ᠤᠨ ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠬᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠪᠠ ︽ᠬᠤᠣᠰ ᠲᠠᠰᠢᠷᠠᠮ︾ ᠢᠶᠠᠷ ᠬᠠᠮᠲᠤᠷᠠᠨ ᠬᠠᠤᠯᠢ ᠬᠡᠷᠡᠭᠵᠢᠭᠦᠯᠬᠦ ᠶᠢ ᠰᠠᠶᠢᠲᠤᠷ ᠬᠢᠨ᠎ᠡ᠃ ᠰᠣᠶᠣᠯ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠤᠨ᠂ ᠪᠣᠯᠪᠠᠰᠤᠨ ᠵᠢᠭᠤᠯᠴᠢᠯᠠᠯ ᠤᠨ ᠵᠣᠷᠢᠭᠰᠠᠨ ᠭᠠᠵᠠᠷ ᠢ ᠪᠠᠶᠢᠭᠤᠯᠤᠨ᠎ᠠ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠷᠢᠭᠤᠴᠠᠬᠤ᠂ ᠨᠡᠶᠢᠭᠡᠮ ᠤᠨ ᠬᠦᠴᠦᠨ ᠢᠳᠡᠪᠬᠢᠲᠡᠢ ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠤᠰᠬᠠᠢ ᠲᠦᠷᠦᠯ ᠢᠶᠠᠷ ᠠᠬᠢᠭᠤᠯᠵᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦ ᠶᠢᠨ ᠪᠣᠳᠣᠯᠭ᠎ᠠ ᠶᠢ ᠵᠣᠯᠭᠠᠭᠤᠯᠬᠤ᠂ ᠠᠵᠢᠯ ᠢ ᠵᠣᠯᠭᠠᠭᠤᠯᠬᠤ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠯ᠎ᠡ ᠲᠥᠷᠥᠯ ᠤᠨ ᠨᠡᠶᠢᠭᠡᠮᠯᠢᠭ ᠵᠡᠷᠭᠡ ᠵᠠᠭᠤᠴᠢ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠬᠠᠮᠢᠶᠠᠷᠤᠯᠲᠠ᠂ ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃   ︵ᠬᠤᠶᠠᠷ︶ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠳᠡᠭᠡᠳᠦ ᠱᠠᠲᠤᠨ ᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠶᠢᠲᠡᠯᠡᠭᠰᠡᠨ ︽ᠰᠣᠶᠣᠯ ᠤᠨ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠥᠪᠥᠷ ᠨᠠᠮ ᠠᠯᠪᠠᠨ ﹇2021﹈ 23 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠭᠰᠠᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠰᠣᠶᠣᠯ ᠵᠢᠭᠤᠯᠴᠢᠯᠠᠯ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠪᠠᠶᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢ ᠬᠡᠯᠪᠡᠶᠢᠯᠭᠡᠨ ᠳᠡᠮᠵᠢᠨ᠎ᠡ᠃ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠱᠠᠩᠨᠠᠨ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶ ︾ ︽ᠤᠯᠠᠭᠠᠨᠴᠠᠪ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠴᠢᠯᠦᠭᠡᠲᠡᠢ ᠲᠠᠯᠪᠢᠵᠤ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠠᠷᠭ᠎ᠠ︾ ︽ᠤᠯᠠᠭᠠᠨᠴᠠᠪ ᠬᠤᠲᠠ ᠶᠢᠨ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠶᠢᠴᠢᠯᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠪᠠᠩᠬᠢ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠎ᠠ᠃   ︵ᠭᠤᠷᠪᠠ︶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠵᠤ᠂ ᠣᠯᠠᠨ ᠡᠰᠢᠲᠦ ᠪᠡᠯᠡ ᠮᠥᠩᠭᠦ ᠶᠢᠨ ᠣᠷᠣᠭᠤᠯᠤᠯᠲᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠤᠷᠮᠠᠰᠢᠭᠤᠯᠵᠤ᠂ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠠ ᠥᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠮᠠᠨ ᠤ ᠬᠤᠲᠠ ᠶᠢᠨ ᠠᠷᠪᠠᠨ ᠮᠢᠨᠦ᠋ᠲ ᠤᠨ ︽ᠡᠷᠡᠭᠦᠯᠵᠢᠯ ᠰᠤᠪᠢᠯᠠᠯᠲᠠ ᠶᠢᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠦᠷᠢᠨ ᠲᠡᠭᠦᠯᠳᠡᠷ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠠᠶᠠᠷ ᠬᠥᠷ ᠲᠠᠢ ᠰᠠᠶᠢᠨ ᠰᠠᠶᠢᠬᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠨᠡᠶᠢᠭᠡᠮ ᠤᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠨ᠎ᠠ᠃ ︽ᠬᠥᠬᠡᠬᠤᠲᠠ ᠪᠤᠭᠤᠲᠤ ᠣᠷᠳᠣᠰ ᠤᠨ ᠣᠶᠤᠨᠲᠤ ᠰᠣᠶᠣᠯ ᠵᠢᠭᠤᠯᠴᠢᠯᠠᠯ ᠢ ᠨᠢᠭᠡ ᠴᠣᠭᠴᠠᠵᠢᠭᠤᠯᠬᠤ—ᠤᠯᠠᠭᠠᠨᠴᠠᠪ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠲᠠᠪᠴᠠᠩ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠪᠴᠠᠩ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠲᠤᠭ᠎ᠠ ᠪᠠᠷᠢᠮᠲᠠ ᠪᠠᠷ ᠲᠤᠯᠭᠠᠭᠤᠷᠢᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠠᠵᠢᠯ ᠲᠥᠷᠥᠯ ᠠᠯᠤᠰᠯᠠᠨ ᠠᠭᠤᠰᠤᠯᠴᠠᠭᠰᠠᠨ ᠣᠶᠤᠨᠴᠢ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠲᠠᠪᠴᠠᠩ ᠢ ᠦᠨᠡᠨᠬᠦ ᠲᠡᠭᠡᠭᠡᠪᠦᠷᠢᠯᠡᠨ ᠠᠮᠢᠳᠤᠯᠢᠭ ᠪᠣᠯᠭᠠᠬᠤ ᠶᠢᠨ ᠬᠠᠮᠲᠤ ᠪᠥᠬᠦ ᠬᠤᠲᠠ ᠶᠢᠨ ᠮᠦᠩᠭᠡ ᠰᠣᠪᠠᠭ ᠲᠠᠪᠴᠠᠩ ᠳᠤ ᠵᠠᠯᠭᠠᠨ ᠣᠷᠣᠭᠤᠯᠵᠤ᠂ ᠪᠥᠬᠦ ᠬᠤᠲᠠ ᠶᠢᠨ ᠣᠶᠤᠨᠲᠤ ᠬᠤᠲᠠ ᠶᠢᠨ ᠲᠠᠪᠴᠠᠩ ᠯᠤᠭ᠎ᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ᠂ ᠬᠤᠲᠠ ᠶᠢᠨ ᠠᠷᠠᠳ ︵ᠵᠢᠭᠤᠯᠴᠢᠯᠠᠭᠴᠢ︶᠂ ᠠᠵᠤ ᠠᠬᠤᠶᠢᠯᠠᠯ ᠪᠠ ᠦᠢᠯᠡᠴᠢᠯᠡᠭᠡᠨ ᠤ ᠵᠠᠰᠠᠭ ᠤᠨ ᠣᠷᠳᠣᠨ ᠳᠤ ᠨᠠᠩ ᠰᠠᠶᠢᠲᠤᠷ ᠦᠢᠯᠡᠴᠢᠯᠡᠨ᠎ᠡ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ ᠪᠦᠷᠢᠳᠬᠡᠨ ᠲᠣᠭᠠᠴᠠᠬᠤ ᠪᠠᠷᠢᠮᠵᠢᠶ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠨᠠᠩ ᠣᠯᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯ ᠮᠡᠨᠳᠦ ᠨᠠᠰᠤᠵᠢᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠦᠷᠢᠳᠬᠡᠬᠦ ᠬᠡᠪᠴᠢᠶᠡᠨ ᠳᠤ ᠣᠷᠣᠭᠤᠯᠤᠨ᠎ᠠ᠃   ︵ᠳᠥᠷᠪᠡ︶ ᠴᠢᠳᠠᠪᠤᠷᠢᠲᠠᠨ ᠤ ᠰᠠᠭᠤᠷᠢ ᠶᠢ ᠴᠢᠩᠭᠠᠷᠠᠭᠤᠯᠤᠨ᠎ᠠ᠃ ᠤᠯᠠᠭᠠᠨᠴᠠᠪ ︵ᠪᠡᠭᠡᠵᠢᠩ ᠥᠪᠥᠷ ᠮᠣᠩᠭᠤᠯ︶ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠪᠣᠯᠣᠨ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ︽ᠣᠷᠣᠭᠤᠯᠵᠤ ᠢᠷᠡᠬᠦ᠂ ᠬᠦᠷᠭᠡᠵᠦ ᠥᠭᠬᠦ︾ ᠵᠠᠷᠴᠢᠮ ᠢ ᠪᠠᠷᠢᠮᠲᠠᠯᠠᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠴᠢᠳᠠᠪᠤᠷᠢᠲᠠᠨ ᠤ ᠪᠣᠭᠤᠮᠢ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠵᠦ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠤᠬᠠᠭᠠᠯᠠᠨ ᠰᠡᠳᠦᠬᠦ᠂ ᠡᠵᠡᠩᠨᠡᠯᠲᠡ ᠶᠢ ᠮᠡᠳᠡᠬᠦ᠂ ᠡᠵᠡᠩᠨᠡᠨ ᠪᠣᠷᠣᠯᠠᠭᠤᠯᠬᠤ ᠳᠠᠭᠠᠨ ᠴᠢᠳᠠᠮᠠᠭᠠᠢ ᠳᠡᠭᠡᠳᠦ ᠲᠠᠰ ᠳᠠᠪᠬᠤᠷᠭ᠎ᠠ ᠶᠢᠨ ᠬᠠᠮ ᠬᠡᠯᠪᠡᠷᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠎ᠠ᠃ ᠭᠠᠳᠠᠷ ᠣᠷᠣᠨ ᠤ ᠤᠯᠠᠭᠠᠨᠴᠠᠪ ᠲᠤ ᠨᠤᠲᠤᠭ ᠲᠠᠢ ᠣᠶᠤᠲᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠲᠡᠳᠡᠨ ᠠᠪᠴᠢᠷᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ ᠴᠢᠳᠠᠪᠤᠷᠢᠲᠠᠨ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠶᠢ ᠠᠬᠢᠭᠤᠯᠵᠤ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠬᠤ ᠶᠢ ᠳᠡᠮᠵᠢᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠶᠢ ᠪᠠᠶᠢᠭᠤᠯᠤᠨ᠎ᠠ᠃    ︵ᠲᠠᠪᠤ︶ ᠰᠢᠯᠭᠠᠨ ᠬᠢᠨᠠᠵᠤ ᠤᠬᠠᠭᠤᠯᠬᠤ ᠶᠢ ᠴᠢᠩᠭᠠᠷᠠᠭᠤᠯᠤᠨ᠎ᠠ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠪᠠᠷᠢᠮᠲᠠᠯᠠᠨ᠎ᠠ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠣᠪᠢᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠂ ᠰᠢᠯᠭᠠᠨ ᠬᠢᠨᠠᠭᠰᠠᠨ ᠦᠷ᠎ᠡ ᠳ᠋ᠦᠩ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠦᠨ᠎ᠡ᠃ᠬᠠᠭᠤᠯᠤᠨ ᠬᠦᠷᠭᠡᠬᠦ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠵᠢᠨ‌ᠵᠥ᠋ᠪᠯᠡᠯᠭᠡᠨ ᠤ ᠠᠯᠪᠠᠨ ᠭᠡᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2