| | ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠹᠧᠩ ᠱᠤᠸᠠᠩ | ᠳᠤᠪᠴᠢ ᠠᠭᠤᠯᠭ᠎ᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ | ᠰᠢᠨ᠎ᠡ ᠴᠠᠭ ᠦᠶ᠎ᠡ ᠰᠢᠨ᠎ᠡ ᠠᠶᠠᠯᠠᠯ ᠳᠤ᠂ ᠤᠯᠠᠭᠠᠨᠴᠠᠪ ᠤᠨ ᠰᠤᠷᠭᠠᠨ ᠬᠥᠮᠦᠵᠢᠯ ᠤᠨ ᠦᠢᠯᠡᠰ ᠲᠤ ᠰᠢᠨ᠎ᠡ ᠳᠦᠷᠰᠦ | ᠪᠠᠶᠢᠳᠠᠯ ᠲᠠᠢ ᠪᠠᠶᠢᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠤᠭᠤᠰᠢᠯᠠᠭᠤᠯᠵᠤ᠂ ᠰᠤᠷᠭᠠᠨ | ᠬᠥᠮᠦᠵᠢᠯ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠤᠯᠠᠭᠠᠨᠴᠠᠪ ᠤᠨ ᠰᠤᠷᠭᠠᠨ | ᠬᠥᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠠᠩᠬ᠎ᠠ ᠤᠳᠠᠭ᠎ᠠ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠮᠡᠷᠭᠡᠵᠢᠯ᠂ ᠴᠢᠳᠠᠪᠤᠷᠢᠲᠠᠨ ᠢ ︽ᠭᠤᠷᠪᠠ ᠶᠢ ᠨᠢᠭᠡ ᠴᠣᠭᠴᠠᠵᠢᠭᠤᠯᠬᠤ︾ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠵᠤ᠂ ︽ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠰᠦᠪᠡᠨ ᠬᠦᠴᠦᠷᠬᠡᠭᠵᠢᠬᠦ᠂ ᠴᠢᠳᠠᠪᠤᠷᠢᠲᠠᠨ ᠢᠶᠠᠷ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ | ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠨᠠᠮ ᠤᠨ ᠲᠥᠯᠥᠭᠡ | ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠶᠢ ᠪᠠᠷᠢᠮᠲᠠᠯᠠᠬᠤ ᠬᠡᠷᠡᠭᠲᠡᠢ︾ | ᠭᠡᠵᠦ ᠳᠤᠷᠠᠳᠤᠨ ᠭᠠᠷᠭᠠᠵᠠᠢ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠦᠵᠡᠭᠦᠯᠬᠦ ᠰᠤᠷᠭᠠᠨ ᠬᠥᠮᠦᠵᠢᠯ ᠤᠨ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠲᠤᠯᠭᠠᠭᠤᠷᠢᠯᠠᠬᠤ ᠦᠢᠯᠡᠳᠦᠯ ᠢ ᠭᠦᠢᠴᠡᠳ ᠳᠣᠪᠤᠶᠢᠯᠭᠠᠵᠤ᠂ ᠰᠤᠷᠭᠠᠨ ᠬᠥᠮᠦᠵᠢᠯ ᠤᠨ ᠠᠵᠢᠯ ᠳᠤ ᠰᠢᠨ᠎ᠡ | ᠡᠭᠦᠷᠭᠡ ᠣᠯᠭᠤᠪᠠ᠃ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ | ᠰᠢᠨ᠎ᠡ ᠴᠠᠭ ᠦᠶ᠎ᠡ ᠰᠢᠨ᠎ᠡ ᠠᠶᠠᠯᠠᠯ ᠳᠤ᠂ ᠤᠯᠠᠭᠠᠨᠴᠠᠪ ᠤᠨ ᠰᠤᠷᠭᠠᠨ ᠬᠥᠮᠦᠵᠢᠯ ᠤᠨ ᠦᠢᠯᠡᠰ ᠰᠢᠨ᠎ᠡ ᠳᠦᠷᠰᠦ | ᠪᠠᠶᠢᠳᠠᠯ ᠲᠠᠢ ᠪᠠᠶᠢᠵᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠤᠭᠤᠰᠢᠯᠠᠭᠤᠯᠵᠤ᠂ ᠰᠤᠷᠭᠠᠨ ᠬᠥᠮᠦᠵᠢᠯ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠭᠠᠨᠴᠠᠪ ᠤᠨ ᠰᠤᠷᠭᠠᠨ | ᠬᠥᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠠᠰᠠᠭᠤᠯᠲᠠ᠄ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠬᠡᠷᠬᠢᠨ | ᠴᠢᠩᠭᠠᠳᠬᠠᠵᠤ᠂ ᠰᠤᠷᠭᠠᠨ ᠬᠥᠮᠦᠵᠢᠯ ᠤᠨ ᠦᠨᠳᠦᠰᠦᠨ ᠴᠢᠭᠯᠡᠯ ᠢ ᠬᠡᠷᠬᠢᠨ ᠪᠠᠲᠤᠳᠬᠠᠬᠤ ᠪᠤᠢ︖ | ᠬᠠᠷᠢᠭᠤᠯᠲᠠ᠄ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠪᠣᠯ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠦᠨᠳᠦᠰᠦᠨ ᠪᠠᠲᠤᠯᠠᠭ᠎ᠠ ᠮᠥᠨ᠃ ᠪᠥᠬᠦ | ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠤᠭᠤᠰᠢᠯᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠢᠬᠤᠯᠠ ᠰᠤᠷᠤᠯᠴᠠᠬᠤ ᠠᠭᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠰᠡᠳᠬᠢᠯ ᠨᠠᠮ ᠳᠤ ᠪᠠᠨ ᠬᠠᠨᠳᠤᠬᠤ︾ | ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠲᠠᠢ ᠤᠶᠠᠯᠳᠤᠭᠤᠯᠤᠨ᠂ ᠨᠡᠷ᠎ᠡ ᠴᠤᠤᠲᠠᠢ᠂ ᠲᠣᠭᠲᠠᠵᠤ ᠳᠡᠶᠢᠯᠬᠦ᠂ | ᠠᠬᠢᠭᠤᠯᠵᠤ ᠳᠡᠶᠢᠯᠬᠦ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ | ᠰᠣᠩᠭᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ | ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠭᠦᠷᠭᠡ ᠴᠢᠳᠠᠪᠤᠷᠢ ᠪᠠᠨ ᠰᠠᠶᠢᠲᠤᠷ ᠭᠦᠢᠴᠡᠳᠬᠡᠨ᠎ᠡ᠃ | 2023 ᠣᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ | ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ︽ᠤᠯᠠᠭᠠᠨᠴᠠᠪ ᠬᠤᠲᠠ ᠶᠢᠨ ︿ᠳᠤᠮᠳᠠᠳᠤ ᠪᠠᠭ᠎ᠠ | ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶﹀ ᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠨ ᠲᠠᠷᠬᠠᠭᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠤᠨ ᠳᠤᠰᠢᠶᠠᠯ ᠳᠤ | ᠰᠢᠯᠢᠳᠡᠭ ᠢ ᠰᠣᠩᠭᠤᠨ ᠲᠣᠬᠢᠷᠠᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠤᠳᠤᠷᠢᠳᠬᠤ ᠡᠷᠬᠡ ᠶᠢ ᠤᠯᠠᠮ | ᠨᠢᠭᠡ ᠠᠯᠬᠤᠮ ᠴᠢᠩᠭ᠎ᠠ ᠠᠳᠬᠤᠨ᠎ᠠ᠃ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ | ᠬᠢᠴᠢᠶᠡᠯ ᠤᠨ ᠲᠠᠩᠬᠢᠮ᠂ ᠲᠠᠶᠢᠯᠤᠮᠵᠢ᠂ ᠶᠠᠷᠢᠶᠠᠨ ᠤ ᠲᠠᠪᠴᠠᠩ᠂ ᠮᠡᠳᠡᠭᠦᠯᠦᠯᠲᠡ ᠶᠢᠨ ᠬᠤᠷᠠᠯ ᠵᠢᠴᠢ ᠵᠢᠭᠠᠬᠤ | ᠮᠠᠲ᠋ᠧᠷᠢᠶᠠᠯ ᠤᠨ ᠬᠡᠷᠡᠭᠯᠡᠯᠲᠡ᠂ ᠪᠠᠭᠰᠢ ᠶᠢ ᠣᠷᠣᠭᠤᠯᠤᠨ ᠠᠪᠴᠢᠷᠠᠬᠤ᠂ ᠰᠤᠷᠤᠭᠴᠢᠳ ᠤᠨ ᠠᠵᠢᠯᠯᠠᠭ᠎ᠠ ᠵᠡᠷᠭᠡ | ᠲᠠᠯ᠎ᠠ ᠪᠠᠷ ᠬᠢ ᠤᠯᠤᠰ ᠲᠦᠷᠦ ᠶᠢᠨ ᠪᠣᠭᠤᠮᠲᠠ ᠶᠢ ᠰᠠᠬᠢᠬᠤ ᠶᠢ ᠴᠢᠩᠭᠠᠳᠬᠠᠵᠤ᠂ ᠵᠢᠭᠰᠠᠭᠠᠯ ᠤᠨ ᠭᠠᠵᠠᠷ᠂ | ᠭᠤᠭᠴᠤᠭ᠎ᠠ ᠨᠢᠭᠡᠪᠦᠷᠢ ᠳᠤ ᠴᠥᠮ ᠠᠩᠬᠠᠷᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ | ᠪᠠᠲᠤ ᠪᠠᠬᠢ ᠪᠤᠢ ᠪᠣᠯᠭᠠᠬᠤ ᠶᠠᠪᠤᠳᠠᠯ ᠢ ᠢᠯᠡ ᠲᠥᠷᠥᠭᠳᠡᠯ ᠲᠠᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ | ᠬᠥᠮᠥᠨ ᠮᠡᠲᠦ ᠳᠣᠲᠣᠨᠣ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ | ᠭᠡᠬᠦ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠰᠲ᠋ᠧᠮ ᠳᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠦᠨ᠎ᠡ᠃ 2023 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠰᠤᠷᠭᠠᠭᠤᠯᠢ 1᠂ | ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ 5 ᠶᠢ ᠡᠭᠦᠳᠦᠨ ᠪᠠᠶᠢᠭᠤᠯᠤᠨ᠎ᠠ᠃ ᠴᠢᠩᠭ᠎ᠠ ᠪᠠᠶᠢᠬᠤ | ᠭᠤᠣᠯ ᠬᠦᠭ ᠠᠶᠠᠰ ᠢ ᠢᠮᠠᠭᠲᠠ ᠪᠠᠷᠢᠮᠲᠠᠯᠠᠵᠤ᠂ ᠨᠠᠮ ᠢ ᠬᠠᠮᠢᠶᠠᠷᠴᠤ ᠰᠤᠷᠭᠠᠭᠤᠯᠢ ᠶᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠪᠠᠲᠤᠳᠬᠠᠵᠤ᠂ ︽ᠬᠤᠶᠠᠷ ᠢ ᠲᠣᠭᠲᠠᠭᠠᠬᠤ︾ ︽ᠬᠤᠶᠠᠷ ᠢ ᠬᠠᠮᠠᠭᠠᠯᠠᠬᠤ︾ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | ᠠᠰᠠᠭᠤᠯᠲᠠ᠄ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠬᠡᠷᠬᠢᠨ | ᠨᠠᠶᠢᠳᠠᠪᠤᠷᠢᠵᠢᠭᠤᠯᠵᠤ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠤᠢ︖ | ᠬᠠᠷᠢᠭᠤᠯᠲᠠ᠄ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠬᠤ ᠳᠤ ᠡᠯ᠎ᠡ ᠭᠠᠵᠠᠷ ᠤᠨ ︽ᠨᠢᠭᠡ ᠰᠤᠷᠭᠠᠭᠤᠯᠢ ᠨᠢᠭᠡ ᠬᠡᠷᠡᠭ︾ ᠤᠨ ︽ᠳᠤᠮᠳᠠᠳᠤ ᠪᠠᠭ᠎ᠠ | ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠵᠦᠭᠯᠡᠭᠦᠷ︾ ᠢ ᠨᠠᠶᠢᠳᠠᠪᠤᠷᠢᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ | ᠪᠣᠶᠢᠵᠢᠭᠤᠯᠤᠨ ᠦᠢᠯᠡᠳᠦᠯᠭᠡᠵᠢᠭᠦᠯᠵᠦ᠂ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠰᠲ᠋ᠧᠮ ᠢ | ᠪᠠᠶᠢᠭᠤᠯᠵᠤ᠂ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠠᠴᠠ ︽ᠬᠢᠴᠢᠶᠡᠯ ᠤᠨ ᠦᠵᠡᠯ ᠰᠠᠨᠠᠭ᠎ᠠ | ᠤᠯᠤᠰ ᠲᠦᠷᠦ︾ ᠪᠣᠯᠵᠤ ᠬᠤᠪᠢᠷᠠᠬᠤ ᠶᠢ ᠪᠡᠶᠡᠯᠡᠭᠦᠯᠬᠦ ᠬᠡᠷᠡᠭᠲᠡᠢ᠃ ᠨᠣᠮ ᠤᠩᠰᠢᠬᠤ ᠠᠵᠢᠯᠯᠠᠭ᠎ᠠ ᠶᠢ | ᠥᠷᠨᠢᠭᠦᠯᠬᠦ ᠶᠢ ᠨᠢᠭᠡᠨ ᠶᠡᠭᠡ ᠶᠠᠪᠤᠳᠠᠯ ᠪᠣᠯᠭᠠᠨ ᠠᠳᠬᠤᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ | ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠵᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠯᠭᠠᠵᠤ᠂ ︽ | ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾᠂ ︽ᠪᠣᠯᠪᠠᠰᠤᠨ ᠰᠤᠷᠭᠠᠭᠤᠯᠢ ᠶᠢᠨ ᠬᠦᠷᠢᠶ᠎ᠡ︾᠂ ︽ | ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠬᠤ ᠬᠡᠷᠡᠭᠲᠡᠢ᠃ ᠡᠬᠡ ᠣᠷᠣᠨᠴᠢ | ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠶᠡᠷᠦᠩᠬᠡᠶᠢᠯᠡᠭᠰᠡᠨ | ᠦᠢᠯᠡᠳᠦᠯᠭᠡ ᠶᠢᠨ ᠰᠠᠭᠤᠷᠢᠨ ᠭᠠᠵᠠᠷ ᠵᠡᠷᠭᠡ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ | ᠰᠠᠶᠢᠲᠤᠷ ᠬᠡᠷᠡᠭᠯᠡᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠮᠥᠨ ᠬᠥᠮᠥᠵᠢᠭᠦᠯᠬᠦ ᠶᠠᠰᠤ ᠴᠢᠨᠠᠷ ᠢ | ᠶᠡᠬᠡᠪᠡᠷ ᠳᠡᠭᠡᠭᠰᠢᠯᠡᠭᠦᠯᠦᠨ᠎ᠡ᠃ 2023 ᠣᠨ ᠳᠤ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠰᠠᠭᠤᠷᠢᠨ ᠭᠠᠵᠠᠷ ᠢ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠣᠰᠣ ᠰᠤᠷᠲᠠᠬᠤᠨ ᠤ ᠬᠥᠮᠦᠵᠢᠯ ᠤᠨ ᠨᠠᠷᠠᠲᠤ | ᠪᠠᠭᠰᠢ ᠶᠢᠨ ᠠᠵᠢᠯᠯᠠᠬᠤ ᠲᠠᠰᠤᠭ ᠢ 7 ᠪᠠᠶᠢᠭᠤᠯᠤᠨ᠎ᠠ᠃ | ︽ᠭᠡᠷ ᠪᠦᠯᠢ ᠰᠤᠷᠭᠠᠭᠤᠯᠢ ᠨᠡᠶᠢᠭᠡᠮ︾ ᠤᠨ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ | ᠴᠢᠩᠭᠠᠳᠬᠠᠨ᠎ᠠ᠃ ︽ᠤᠯᠠᠭᠠᠨᠴᠠᠪ ᠬᠤᠲᠠ ᠶᠢᠨ ᠭᠡᠷ ᠪᠦᠯᠢ ᠰᠤᠷᠭᠠᠭᠤᠯᠢ ᠨᠡᠶᠢᠭᠡᠮ ᠤᠨ ᠬᠤᠷᠰᠢᠶ᠎ᠠ ᠶᠢᠨ ᠬᠠᠮᠵᠢᠯᠴᠠᠨ | ᠬᠥᠮᠥᠨ ᠬᠥᠮᠥᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ᠢ ᠭᠦᠨᠵᠡᠭᠡᠢ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠬᠥᠮᠦᠵᠢᠯ ᠤᠨ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠶᠢ ᠦᠷᠭᠦᠯᠵᠢᠯᠡᠨ | ᠥᠷᠨᠢᠭᠦᠯᠵᠦ᠂ ᠭᠡᠷ ᠤᠨ ᠠᠬᠠᠮᠠᠳ ᠤᠨ ᠰᠤᠷᠭᠠᠭᠤᠯᠢ᠂ ᠭᠡᠷ ᠤᠨ ᠠᠬᠠᠮᠠᠳ ᠤᠨ ᠵᠥᠪᠯᠡᠯ ᠤᠨ ᠦᠢᠯᠡᠳᠦᠯ ᠢ ᠰᠠᠶᠢᠲᠤᠷ | ᠪᠠᠳᠠᠷᠠᠭᠤᠯᠤᠨ᠂ ᠪᠥᠬᠦ ᠬᠤᠲᠠ ᠶᠢᠨ ︽ᠭᠡᠷ ᠪᠦᠯᠢ ᠶᠢᠨ ᠬᠥᠮᠦᠵᠢᠯ ᠤᠨ ᠯᠧᠺᠲ᠋ᠣᠷ ᠤᠨ ᠪᠦᠯᠬᠦᠮ︾ ︽ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠯᠧᠺᠲ᠋ᠣᠷ ᠤᠨ ᠪᠦᠯᠬᠦᠮ︾ ᠵᠡᠷᠭᠡ ᠪᠠᠭᠰᠢ ᠶᠢᠨ ᠡᠬᠢ | ᠪᠠᠶᠠᠯᠢᠭ ᠢ ᠰᠠᠶᠢᠲᠤᠷ ᠠᠰᠢᠭᠯᠠᠵᠤ᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ | ᠵᠢᠯᠤᠭᠤᠳᠬᠤ ᠥᠷᠲᠡᠭᠡ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠠᠷᠭ᠎ᠠ | ᠵᠠᠮ ᠢᠶᠠᠷ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ 2023 | ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠡᠳᠬᠢᠴᠡ ᠶᠢᠨ ᠡᠷᠡᠭᠦᠯ ᠮᠡᠨᠳᠦ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ 1 ᠪᠠᠶᠢᠭᠤᠯᠤᠨ᠎ᠠ᠃ | ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠲᠤᠯᠤᠭᠠᠨ ᠨᠢᠭᠡ︾ ᠶᠢᠨ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ | ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠨ᠂ 2023 ᠣᠨ ᠳᠤ ᠮᠥᠰᠥ | ᠴᠠᠰᠤ᠂ ᠲᠣᠣᠷ ᠪᠥᠮᠪᠦᠭᠡ᠂ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠤᠨ᠎ᠠ᠃ ᠪᠥᠬᠦ | ᠬᠤᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠪᠡᠶ᠎ᠡ ᠶᠢᠨ | ᠲᠠᠮᠢᠷ ᠬᠢᠭᠡᠳ ᠡᠷᠡᠭᠦᠯ ᠮᠡᠨᠳᠦ ᠶᠢᠨ ᠦᠨᠡᠯᠡᠯᠲᠡ ᠶᠢᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ | ᠂ ᠤᠯᠠᠭᠠᠨᠴᠠᠪ ᠬᠤᠲᠠ ᠶᠢᠨ ᠳᠣᠯᠣᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠪᠡᠶ᠎ᠡ ᠶᠢᠨ ᠲᠠᠮᠢᠷ ᠤᠨ ᠴᠤᠭᠯᠠᠭᠠᠨ ᠪᠠ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ | ᠦᠵᠡᠭᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠡᠷᠭᠢᠯᠡᠨ᠂ ᠪᠥᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠡᠦᠬᠡᠳ ᠪᠠᠭᠠᠴᠤᠳ ᠤᠨ | ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠵᠤ᠂ ᠪᠥᠬᠦ ᠬᠤᠲᠠ ᠶᠢᠨ ᠬᠡᠦᠬᠡᠳ ᠪᠠᠭᠠᠴᠤᠳ ᠤᠨ | ᠣᠶᠢᠷ᠎ᠠ ᠬᠠᠷᠠᠭ᠎ᠠ ᠶᠢᠨ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠎ᠠ᠃ ᠰᠤᠷᠭᠠᠭᠤᠯᠢ ᠶᠢᠨ ᠢᠳᠡᠭᠡᠨ ᠤ ᠠᠮᠤᠷ | ᠲᠦᠪᠰᠢᠨ ᠬᠢᠭᠡᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢ ᠴᠢᠩᠭᠠᠳᠬᠠᠵᠤ᠂ | ᠬᠢᠨᠠᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠰᠠᠭᠤᠯᠲᠠ᠄ ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠡᠷᠬᠢᠨ | ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠬᠡᠷᠬᠢᠨ ᠰᠠᠶᠢᠲᠤᠷ ᠡᠷᠭᠢᠯᠡᠬᠦ | ᠪᠣᠶ︖ | ᠬᠠᠷᠢᠭᠤᠯᠲᠠ᠄ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠪᠠ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ | ᠶᠣᠰᠣᠭᠠᠷ᠂ ︽ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ | ᠂ 2023 ᠣᠨ ᠢ ︽ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠣᠨ︾ ᠢᠶᠠᠷ ᠲᠣᠭᠲᠠᠭᠠᠵᠤ᠂ ᠭᠤᠣᠯᠳᠠᠭᠤ ᠳᠣᠣᠷᠠᠬᠢ ᠬᠡᠳᠦᠨ ᠵᠦᠢᠯ ᠤᠨ ᠠᠵᠢᠯ ᠢ ᠰᠠᠶᠢᠲᠤᠷ | ᠬᠢᠨ᠎ᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠣᠨ ᠣᠨᠴᠣᠭᠤᠢ ᠰᠤᠷᠭᠠᠨ ᠬᠥᠮᠦᠵᠢᠯ ᠳᠤ | ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠶᠢ ᠳᠣᠪᠤᠶᠢᠯᠭᠠᠬᠤ ᠬᠡᠷᠡᠭᠲᠡᠢ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠭᠤᠣᠯᠳᠠᠯᠭ᠎ᠠ ᠪᠠᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ᠂ ᠲᠦᠭᠡᠮᠡᠯ | ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠢ | ᠳᠡᠭᠡᠭᠰᠢᠯᠡᠭᠦᠯᠬᠦ ᠳᠡᠭᠡᠷ᠎ᠡ ᠲᠥᠪᠯᠡᠷᠡᠭᠦᠯᠵᠦ᠂ ᠲᠦᠭᠡᠮᠡᠯ ᠬᠠᠷᠠᠭᠠᠯᠵᠠᠯᠲᠤ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠵᠦ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠣᠨᠴᠣᠭᠤᠢ ᠰᠤᠷᠭᠠᠨ ᠬᠥᠮᠦᠵᠢᠯ ᠨᠢ ᠵᠣᠬᠢᠴᠠᠩᠭᠤᠢ ᠶᠢ ᠠᠭᠤᠰᠤᠯᠴᠠᠭᠤᠯᠬᠤ ᠪᠠᠷ ᠬᠠᠷᠠᠯᠲᠠ | ᠪᠣᠯᠭᠠᠵᠤ᠂ ᠠᠩᠭᠢ ᠳᠠᠭᠠᠵᠤ ᠰᠤᠷᠤᠯᠴᠠᠬᠤ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ | ᠦᠢᠯᠡᠴᠢᠯᠡᠭᠡ ᠶᠢ ᠲᠡᠭᠦᠯᠳᠡᠷᠵᠢᠭᠦᠯᠦᠨ᠂ ︽ᠨᠢᠭᠡ ᠬᠥᠮᠥᠨ ᠳᠤ ᠨᠢᠭᠡ ᠬᠡᠷᠡᠭ︾ ᠢᠶᠠᠷ ᠰᠤᠷᠬᠤ ᠨᠠᠰᠤᠨ ᠤ ᠵᠡᠮᠳᠡᠭ | ᠬᠡᠦᠬᠡᠳ ᠨᠢᠭᠡᠪᠦᠷᠢ ᠶᠢ ᠲᠥᠪᠬᠢᠨᠡᠭᠦᠯᠦᠨ᠎ᠡ᠃ 2023 ᠣᠨ ᠳᠤ᠂ ᠪᠥᠬᠦ ᠬᠤᠲᠠ ᠳᠤ 4 ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 4 ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ | ᠦᠷᠭᠦᠯᠵᠢᠯᠡᠨ ᠪᠠᠶᠢᠭᠤᠯᠵᠤ᠂ 1350 ᠰᠣᠷᠣᠯᠴᠠᠬᠤ ᠤᠷᠤ ᠶᠢ ᠰᠢᠨ᠎ᠡ ᠪᠠᠷ ᠨᠡᠮᠡᠭᠳᠡᠭᠦᠯᠦᠨ᠎ᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠬᠤ ᠶᠢ ᠡᠯ᠎ᠡ | ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠤᠰᠢᠭᠤ ᠰᠢᠶᠠᠨ ᠢ ᠴᠢᠷᠮᠠᠶᠢᠨ ᠡᠭᠦᠳᠴᠦ᠂ ᠲᠠᠷᠠᠭᠠᠴᠢ ᠶᠢᠨ ᠠᠯᠬᠤᠮ ᠤᠨ ᠦᠨᠡᠯᠡᠨ ᠵᠢᠱᠢᠵᠦ ᠰᠢᠯᠭᠠᠨ ᠠᠪᠬᠤ ᠳᠤ | ᠰᠠᠭᠤᠷᠢ ᠲᠠᠯᠪᠢᠪᠠ᠃ ᠰᠣᠷᠣᠯᠴᠠᠬᠤ ᠤᠷᠤ ᠬᠤᠪᠣᠷ ᠴᠤᠬᠠᠭ ᠬᠤᠲᠠ ᠪᠠᠯᠭᠠᠰᠤ ᠶᠢᠨ ᠠᠯᠪᠠᠨ ᠠᠴᠠ ᠡᠷᠭᠢᠯᠡᠭᠰᠡᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | 2023 ᠣᠨ ᠳᠤ ᠵᠢᠨᠢᠩ ᠲᠣᠭᠤᠷᠢᠭ ᠲᠤ 1 ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 1200 | ᠰᠣᠷᠣᠯᠴᠠᠬᠤ ᠤᠷᠤ ᠶᠢ ᠰᠢᠨ᠎ᠡ ᠪᠠᠷ ᠨᠡᠮᠡᠭᠳᠡᠭᠦᠯᠦᠨ᠎ᠡ᠃ ᠰᠣᠷᠣᠭᠴᠢ ᠣᠯᠠᠨᠲᠠᠢ ᠠᠩᠭᠢ ᠶᠢᠨ ᠲᠤᠭ᠎ᠠ ᠶᠢ ᠠᠷᠢᠯᠭᠠᠬᠤ᠂ | ᠪᠠᠷᠢᠮᠵᠢᠶᠠᠵᠢᠭᠤᠯᠤᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠢᠨᠵᠧᠨᠧᠷᠢᠩ ᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠰᠢᠶᠠᠨ ᠤ ᠬᠡᠪᠴᠢᠶᠡᠨ ᠳᠠᠬᠢ ︽ᠨᠢᠭᠡ ᠴᠣᠭᠴᠠᠵᠢᠭᠤᠯᠤᠨ ᠰᠤᠷᠭᠠᠭᠤᠯᠢ ᠡᠷᠭᠢᠯᠡᠬᠦ︾ ᠰᠢᠷᠢᠰ | ᠠᠵᠢᠯ ᠢ ᠠᠬᠢᠭᠤᠯᠤᠨ ᠲᠡᠭᠦᠯᠳᠡᠷᠵᠢᠭᠦᠯᠵᠦ᠂ ︽1+1︾ ᠪᠤᠶᠤ ︽1+N︾ ᠶᠢᠨ ᠪᠦᠯᠦᠭᠯᠡᠯᠵᠢᠭᠰᠡᠨ | ᠰᠤᠷᠭᠠᠭᠤᠯᠢ ᠡᠷᠭᠢᠯᠡᠬᠦ ᠵᠠᠭᠪᠤᠷ ᠢ ᠬᠡᠷᠡᠭᠵᠢᠭᠦᠯᠦᠨ᠂ ᠨᠠᠷᠠᠲᠤ ᠰᠤᠷᠭᠠᠭᠤᠯᠢ ᠶᠢᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ | ᠬᠤᠭᠤᠷᠣᠨᠳᠣᠬᠢ᠂ ᠣᠯᠠᠨ ᠲᠦᠮᠡᠨ ᠤ ᠰᠤᠷᠭᠠᠨ ᠬᠥᠮᠦᠵᠢᠯ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ | ᠠᠷᠠᠳ ᠣᠯᠠᠨ ᠤ ᠰᠤᠷᠭᠠᠨ ᠬᠥᠮᠦᠵᠢᠯ ᠤᠨ ᠠᠵᠢᠯ ᠳᠠᠬᠢ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠨᠤᠭᠤᠳ ᠣᠨᠴᠠᠯᠢᠭ ᠣᠯᠠᠨ | ᠶᠠᠩᠵᠤ ᠶᠢᠨ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠯᠢᠭᠲᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢ ᠦᠨᠡᠯᠡᠨ ᠵᠢᠱᠢᠵᠦ ᠡᠭᠦᠳᠦᠨ ᠪᠠᠶᠢᠭᠤᠯᠬᠤ ᠠᠵᠢᠯ ᠢ ᠬᠤᠰᠢᠭᠤ ᠰᠢᠶᠠᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠬᠤᠰᠢᠭᠤ | ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ | ᠢᠨᠵᠧᠨᠧᠷᠢᠩ ᠢ ᠬᠡᠷᠡᠭᠵᠢᠭᠦᠯᠵᠦ᠂ ᠬᠤᠰᠢᠭᠤ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ | ᠶᠠᠩᠵᠤᠴᠢᠯᠠᠭᠰᠠᠨ ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠂ ᠵᠢᠯ ᠤᠨ ᠳᠣᠲᠣᠷ᠎ᠠ ᠬᠤᠲᠠ ᠶᠢᠨ | ᠱᠠᠲᠤᠨ ᠤ ᠰᠢᠶᠠᠨ ᠤ ᠬᠡᠪᠴᠢᠶᠡᠨ ᠤ ᠥᠪᠡᠷᠮᠢᠴᠡ ᠣᠨᠴᠠᠯᠢᠭ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠤᠣᠯ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠠᠭᠤᠷᠢ ᠳᠦᠬᠦᠬᠡᠷᠦᠮᠵᠢ ᠶᠢᠨ ᠨᠥᠬᠦᠴᠡᠯ ᠤᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ | ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠨᠢᠭᠡ ᠰᠢᠶᠠᠨ ᠳᠤ ᠨᠢᠭᠡ ᠬᠡᠷᠡᠭ︾ ᠨᠢ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ | ᠭᠤᠷᠪᠠᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠭᠡᠷ ᠤᠨ ᠠᠮᠢᠳᠤᠷᠠᠯ ᠨᠢ ᠬᠦᠴᠢᠷᠳᠡᠯ ᠲᠠᠢ | ᠰᠤᠷᠤᠭᠴᠢᠳ ᠢ ᠲᠡᠳᠬᠦᠨ ᠲᠤᠰᠠᠯᠠᠬᠤ ᠲᠦᠷᠦ ᠶᠢᠨ ᠪᠣᠳᠣᠯᠭ᠎ᠠ ᠶᠢ ᠲᠣᠭᠲᠠᠭᠠᠯ ᠠᠴᠠ ᠵᠥᠷᠢᠴᠡᠨ ᠣᠷᠣᠨ ᠪᠦᠰᠡ | ᠠᠯᠤᠰᠯᠠᠨ ᠣᠷᠣᠶᠢᠯᠠᠵᠤ ᠰᠣᠷᠣᠭᠴᠢ ᠡᠯᠰᠡᠬᠦ ᠦᠶᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠴᠢᠨᠠᠷ | ᠰᠠᠶᠢᠲᠠᠢ ᠰᠣᠷᠣᠭᠴᠢ ᠶᠢᠨ ᠢᠷᠡᠯᠲᠡ ᠶᠢᠨ ᠭᠠᠳᠠᠭᠰᠢ ᠰᠢᠯᠵᠢᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠠᠵᠢᠯ ᠮᠡᠷᠭᠡᠵᠢᠯ ᠤᠨ ᠪᠠ ᠡᠩ ᠤᠨ ᠠᠵᠤ | ᠠᠬᠤᠶᠢᠯᠠᠯ ᠤᠨ ᠠᠭᠤᠰᠤᠯᠴᠠᠯ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ ᠪᠠ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ 3+2 ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠣᠯᠭᠠᠭᠤᠯᠤᠨ ᠨᠡᠪᠲᠡᠷᠡᠭᠦᠯᠬᠦ ᠮᠠᠶ᠋ᠢᠭ ᠤᠨ ᠬᠥᠮᠥᠵᠢᠭᠦᠯᠬᠦ ᠰᠢᠰᠲ᠋ᠧᠮᠵᠢ ᠶᠢ | ᠪᠠᠶᠢᠭᠤᠯᠵᠤ᠂ 2023 ᠣᠨ ᠳᠤ᠂ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠵᠦᠸᠧᠽᠢ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠱᠠᠩᠳᠤ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠲᠤᠷᠰᠢᠯᠲᠠ ᠶᠢᠨ ᠴᠡᠭ ᠪᠣᠯᠭᠠᠵᠤ᠂ ᠬᠤᠶᠠᠷ ᠵᠢᠯ ᠤᠨ ᠳᠣᠲᠣᠷ᠎ᠠ ᠪᠥᠬᠦ ᠬᠤᠲᠠ ᠶᠢᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠨᠡᠪᠲᠡᠷᠡᠭᠦᠯᠦᠨ ᠬᠥᠮᠥᠵᠢᠭᠦᠯᠬᠦ ᠲᠤᠰᠬᠠᠢ ᠮᠡᠷᠭᠡᠵᠢᠯ ᠤᠨ ᠪᠦᠷᠬᠦᠴᠡ ᠶᠢ 90% | ᠠᠴᠠ ᠳᠡᠭᠡᠭᠰᠢ ᠳᠤ ᠬᠦᠷᠦᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠠᠲᠠᠬᠤ ᠬᠦᠴᠦᠨ ᠢ ᠨᠡᠮᠡᠭᠳᠡᠭᠦᠯᠬᠦ ᠪᠠᠷ ᠴᠢᠷᠮᠠᠶᠢᠨ᠎ᠠ᠃ ︽ᠬᠤᠣᠰ ᠥᠨᠳᠥᠷ ᠬᠤᠣᠰ ᠰᠢᠯᠢᠳᠡᠭ︾ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠴᠠᠪ ᠤᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ︽ᠶᠠᠰᠤ ᠴᠢᠨᠠᠷ ᠢ | ᠳᠡᠭᠡᠭᠰᠢᠯᠡᠭᠦᠯᠦᠨ ᠰᠢᠯᠢᠳᠡᠭ ᠢ ᠬᠥᠮᠥᠵᠢᠭᠦᠯᠬᠦ︾ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠪᠥᠬᠦ ᠬᠤᠲᠠ ᠶᠢᠨ | ᠡᠯ᠎ᠡ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ | ᠪᠠᠷᠢᠮᠵᠢᠶ᠎ᠠ ᠳᠤ ᠬᠦᠷᠬᠦ ᠶᠢ ᠪᠡᠶᠡᠯᠡᠭᠦᠯᠪᠡ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠠᠴᠠ ᠡᠷᠭᠢᠯᠡᠭᠰᠡᠨ 5 ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠠᠶᠢᠳᠠᠪᠤᠷᠢᠵᠢᠭᠤᠯᠤᠭᠳᠠᠬᠤ ᠶᠢ ᠠᠬᠢᠭᠤᠯᠤᠨ᠎ᠡ᠃ | ᠠᠰᠠᠭᠤᠯᠲᠠ᠄ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠬᠡᠷᠬᠢᠨ | ᠴᠢᠩᠭᠠᠳᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠤᠭ᠎ᠠ ᠬᠦᠴᠦᠨ ᠢ ᠨᠢᠭᠲᠠᠷᠠᠭᠤᠯᠬᠤ ᠪᠣᠶ︖ | ᠬᠠᠷᠢᠭᠤᠯᠲᠠ᠄ ᠲᠣᠪᠴᠢᠶᠠᠨ ᠳᠠᠷᠤᠭ᠎ᠠ ᠶᠢᠨ ᠡᠩᠨᠡᠭᠡ ᠪᠣᠯᠣᠨ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠳᠤ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠶᠢ ᠠᠰᠢᠭᠯᠠᠨ᠂ ︽ᠤᠷᠢᠵᠤ ᠠᠪᠴᠢᠷᠠᠬᠤ︾ ︽ᠭᠠᠳᠠᠭᠰᠢ ᠭᠠᠷᠬᠤ︾ ᠠᠷᠭ᠎ᠠ ᠮᠠᠶ᠋ᠢᠭ ᠢ ᠠᠪᠴᠤ | ᠪᠠᠶᠢᠭᠠᠳ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠳᠠᠷᠤᠭ᠎ᠠ᠂ ᠨᠠᠷᠠᠲᠤ ᠵᠠᠬᠢᠷᠤᠯ᠂ ᠵᠠᠮᠴᠢᠯᠠᠭᠴᠢ | ᠵᠠᠬᠢᠷᠤᠯ ᠳᠤ ᠰᠢᠨᠵᠢᠯᠡᠨ ᠪᠠᠶᠢᠴᠠᠭᠠᠵᠤ ᠪᠣᠯᠪᠠᠰᠤᠷᠠᠭᠤᠯᠤᠯ ᠬᠢᠵᠦ᠂ ᠲᠣᠪᠴᠢᠶᠠᠨ ᠳᠠᠷᠤᠭ᠎ᠠ᠂ ᠰᠤᠷᠭᠠᠭᠤᠯᠢ ᠶᠢᠨ | ᠵᠠᠬᠢᠷᠤᠯ ᠤᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠢᠭᠡᠨ ᠰᠠᠯᠠᠭ᠎ᠠ | ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ᠂ ᠵᠠᠯᠠᠭᠤᠵᠢᠭᠰᠠᠨ ᠲᠣᠪᠴᠢᠶᠠᠨ ᠳᠠᠷᠤᠭ᠎ᠠ᠂ ᠰᠤᠷᠭᠠᠭᠤᠯᠢ ᠶᠢᠨ | ᠵᠠᠬᠢᠷᠤᠯ ᠤᠨ ᠡᠩᠨᠡᠭᠡ ᠶᠢ ᠪᠠᠶᠢᠭᠤᠯᠣᠨᠡ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠪᠡᠭᠡᠵᠢᠩ ᠤᠨ ᠰᠢᠯᠢᠳᠡᠭ | ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ᠂ ᠣᠨ᠂ ᠲᠠᠰ ᠳᠠᠪᠬᠤᠷᠭ᠎ᠠ ᠬᠤᠪᠢᠶᠠᠨ ᠡᠯ᠎ᠡ ᠰᠤᠷᠤᠯᠭ᠎ᠠ ᠶᠢᠨ | ᠱᠠᠲᠤ᠂ ᠡᠯ᠎ᠡ ᠬᠢᠴᠢᠶᠡᠯ ᠲᠥᠷᠥᠯ ᠤᠨ ᠪᠠᠭᠰᠢ ᠨᠠᠷ ᠲᠤ ᠠᠵᠢᠯ ᠤᠨ ᠪᠠᠶᠢᠷᠢ ᠳᠠᠭᠠᠬᠤ᠂ ᠰᠤᠷᠭᠠᠭᠤᠯᠢ ᠳᠤ ᠰᠠᠭᠤᠬᠤ | ᠪᠣᠯᠪᠠᠰᠤᠷᠠᠭᠤᠯᠤᠯ ᠬᠢᠵᠦ᠂ 3 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠠᠭᠰᠢ ᠶᠢᠨ ᠪᠣᠯᠪᠠᠰᠤᠷᠠᠭᠤᠯᠤᠯ ᠢ | ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠦᠯᠬᠦᠮ ᠪᠠᠶᠢᠭᠤᠯᠬᠤ ᠮᠠᠶ᠋ᠢᠭ ᠤᠨ ᠬᠠᠪᠰᠤᠷᠤᠨ ᠲᠡᠳᠬᠦᠬᠦ | ᠠᠵᠢᠯ ᠢ ᠰᠠᠶᠢᠲᠤᠷ ᠬᠢᠵᠦ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ᠎ᠡ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠡᠷᠬᠢᠮ ᠳᠡᠭᠡᠳᠦ ᠪᠠᠭᠰᠢ ᠶᠢᠨ | ᠮᠣᠷᠠᠯ ᠢ ᠪᠠᠳᠠᠷᠠᠭᠤᠯᠵᠤ᠂ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ᠂ ᠥᠷᠭᠡᠨ ᠣᠯᠠᠨ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ︽ᠳᠥᠷᠪᠡ ᠶᠢ | ᠪᠦᠷᠢᠳᠦᠭᠦᠯᠦᠭᠰᠡᠨ︾ ᠰᠠᠶᠢᠨ ᠪᠠᠭᠰᠢ ᠪᠣᠯᠬᠤ ᠪᠠᠷ ᠴᠢᠷᠮᠠᠶᠢᠨ᠎ᠠ᠃ 2023 ᠣᠨ ᠳᠤ᠂ ᠪᠥᠬᠦ ᠬᠤᠲᠠ ᠶᠢᠨ | ᠰᠤᠷᠭᠠᠨ ᠬᠥᠮᠦᠵᠢᠯ ᠤᠨ ᠰᠢᠰᠲ᠋ᠧᠮ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠠᠬᠢᠴᠠ ᠶᠢᠨ ᠪᠠᠶᠢᠳᠠᠯ ᠳᠤ | ᠰᠠᠷ᠎ᠠ ᠶᠢᠨ ᠲᠣᠬᠢᠷᠠᠭᠤᠯᠤᠯᠲᠠ ᠬᠢᠪᠡ᠃ | ᠵᠢᠭᠠᠨ ᠰᠤᠳᠤᠯᠬᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ 2023 ᠣᠨ ᠳᠤ᠂ | ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ ᠶᠢ ᠰᠣᠩᠭᠤᠨ ᠰᠢᠯᠵᠢᠭᠦᠯᠵᠦ᠂ ᠥᠨᠳᠥᠷ | ᠲᠡᠰ ᠤᠨ ᠪᠣᠯᠪᠠᠰᠤᠷᠠᠯ ᠪᠠ ᠠᠵᠢᠯ ᠤᠨ ᠪᠠᠶᠢᠷᠢ ᠲᠠᠭᠠᠨ ᠰᠤᠳᠤᠯᠤᠨ ᠰᠤᠷᠤᠯᠴᠠᠬᠤ ᠶᠢ ᠴᠢᠩᠭᠠᠳᠬᠠᠵᠤ᠂ | ᠬᠢᠴᠢᠶᠡᠯ ᠤᠨ ᠲᠠᠩᠬᠢᠮ ᠤᠨ ᠵᠢᠯᠣᠭᠤᠳᠤᠯᠭ᠎ᠠ᠂ ᠵᠠᠳᠠᠯᠤᠯᠲᠠ ᠶᠢᠨ ᠲᠠᠶᠢᠯᠤᠮᠵᠢ᠂ ᠵᠠᠷᠯᠢᠭ ᠤᠨ ᠰᠡᠳᠦᠪ ᠪᠠ ᠪᠠᠶᠢᠷᠢ | ᠰᠣᠯᠢᠵᠤ ᠬᠢᠴᠢᠶᠡᠯ ᠣᠷᠣᠬᠤ ᠳᠤᠮᠳᠠ ᠵᠢᠭᠠᠨ ᠰᠤᠳᠤᠯᠤᠭᠴᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠷᠡᠳᠦ | ᠪᠠᠭᠰᠢ ᠶᠢᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠯᠬᠦᠮ ᠨᠡᠶᠢᠲᠡ ᠶᠢᠨ ᠵᠢᠭᠠᠨ | ᠰᠤᠳᠤᠯᠬᠤ ᠴᠢᠳᠠᠪᠤᠷᠢ ᠶᠢ ᠪᠤᠢ ᠪᠣᠯᠭᠠᠪᠠ᠃ | ᠠᠰᠠᠭᠤᠯᠲᠠ᠄ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠬᠢᠨ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠪᠤᠢ︖ | ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠬᠡᠷᠡᠭᠲᠡᠢ᠃ ᠵᠢᠨᠢᠩ ᠲᠣᠭᠤᠷᠢᠭ᠂ ᠬᠤᠸᠠᠳᠧ ᠰᠢᠶᠠᠨ ᠤᠷᠢᠳᠠᠪᠠᠷ ᠬᠡᠷᠡᠭᠵᠢᠭᠦᠯᠵᠦ ᠤᠷᠢᠳᠠᠪᠠᠷ | ᠲᠤᠷᠰᠢᠭᠰᠠᠨ ᠰᠠᠭᠤᠷᠢᠨ ᠳᠡᠭᠡᠷ᠎ᠡ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠨᠢᠭᠡᠳᠦᠯᠲᠡᠢ ᠬᠠᠮᠢᠶᠠᠷᠬᠤ᠂ ᠰᠤᠷᠭᠠᠭᠤᠯᠢ ᠠᠴᠠ ᠠᠵᠢᠯ ᠤᠨ ᠪᠠᠶᠢᠷᠢ ᠶᠣᠰᠣᠭᠠᠷ ᠤᠷᠢᠨ ᠬᠡᠷᠡᠭᠯᠡᠬᠦ᠂ | ᠪᠠᠭᠰᠢ ᠶᠢ ᠡᠮᠬᠢ ᠵᠢᠷᠤᠮ ᠲᠠᠢ ᠰᠢᠯᠵᠢᠭᠦᠯᠬᠦ ᠬᠥᠮᠥᠨ ᠬᠡᠷᠡᠭᠯᠡᠬᠦ ᠲᠣᠭᠲᠠᠴᠠ ᠪᠣᠯᠣᠨ ᠠᠵᠢᠯᠲᠠᠨ ᠤ ᠬᠥᠳᠡᠯᠦᠩᠭᠦᠢ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠠᠭᠰᠢ ᠶᠢᠨ ᠡᠬᠢ ᠪᠠᠶᠠᠯᠢᠭ ᠢ ᠠᠮᠢᠳᠤᠯᠢᠭᠵᠢᠭᠤᠯᠵᠤ᠂ | ᠪᠠᠭᠰᠢ ᠶᠢᠨ ᠡᠩᠨᠡᠭᠡᠨ ᠤ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ | ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠰᠤᠷᠭᠠᠨ ᠬᠥᠮᠦᠵᠢᠯ ᠤᠨ ᠦᠨᠡᠯᠡᠯᠲᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠳᠣᠬᠢᠭᠤᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠠᠷ ᠬᠥᠲᠥᠯᠥᠮᠵᠢ ᠪᠣᠯᠭᠠᠵᠤ᠂ ᠬᠥᠮᠥᠨ | ᠬᠥᠮᠥᠵᠢᠭᠦᠯᠬᠦ ᠠᠷᠭ᠎ᠠ ᠮᠠᠶ᠋ᠢᠭ᠂ ᠰᠤᠷᠭᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ | ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠭᠠᠭᠤᠯᠢ ᠶᠢᠨ | ᠬᠠᠮᠢᠶᠠᠷᠤᠯᠲᠠ ᠪᠠ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠤᠭᠴᠢᠳ ᠤᠨ | ᠪᠡᠶ᠎ᠡ ᠰᠡᠳᠬᠢᠯ ᠤᠨ ᠡᠷᠡᠭᠦᠯ ᠮᠡᠨᠳᠤ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠦᠨᠡᠯᠡᠯᠲᠡ ᠶᠢᠨ ᠦᠷ᠎ᠡ ᠳ᠋ᠦᠩ ᠢ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠬᠢᠨᠠᠨ ᠵᠢᠯᠤᠭᠤᠳᠴᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ ᠰᠤᠷᠭᠠᠭᠤᠯᠢ ᠶᠢ | ᠱᠠᠩᠨᠠᠵᠤ ᠲᠣᠷᠭᠠᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ | ᠰᠤᠷᠭᠠᠭᠤᠯᠢ ᠶᠢᠨ ᠤᠳᠤᠷᠢᠳᠬᠤ ᠪᠠᠭ ᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠪᠣᠯᠭᠠᠨ᠎ᠠ᠃ | ᠰᠢᠯᠭᠠᠯᠲᠠ ᠪᠠᠷ ᠰᠣᠷᠣᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠠᠵᠢᠯᠲᠠᠨ ᠤ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠡᠷᠭᠢᠯᠡᠬᠦ | ᠣᠷᠣᠭᠤᠯᠤᠯᠲᠠ ᠶᠢ ᠨᠡᠮᠡᠭᠳᠡᠭᠦᠯᠦᠨ᠂ ᠬᠢᠴᠢᠶᠡᠯ ᠰᠣᠩᠭᠤᠨ ᠠᠩᠭᠢ ᠰᠢᠯᠵᠢᠬᠦ ᠶᠠᠪᠤᠳᠠᠯ ᠢ ᠡᠮᠬᠢ ᠵᠢᠷᠤᠮ ᠲᠠᠢ | ᠠᠬᠢᠭᠤᠯᠵᠤ᠂ ᠰᠣᠷᠣᠭᠴᠢ ᠶᠢᠨ ᠬᠥᠭᠵᠢᠯᠲᠡ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠬᠢᠬᠦ ᠵᠡᠷᠭᠡ ᠠᠷᠭ᠎ᠠ ᠬᠡᠮᠵᠢᠶ᠎ᠡ ᠶᠢ ᠪᠦᠷᠢᠨᠰᠢᠭᠦᠯᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠨᠳᠥᠷ | ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠰᠢᠯᠭᠠᠯᠲᠠ ᠬᠢᠵᠦ ᠰᠤᠷᠤᠭᠴᠢ ᠡᠯᠰᠡᠬᠦ ᠳᠦᠷᠢᠮ ᠤᠨ | ᠥᠭᠡᠷᠡᠴᠢᠯᠡᠯᠲᠡ ᠶᠢᠨ ᠡᠭᠦᠷᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠯᠠᠭᠠᠨᠴᠠᠪ ᠬᠤᠲᠠ ᠶᠢᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ᠶᠢᠨ ᠰᠢᠯᠭᠠᠯᠲᠠ ᠬᠢᠵᠦ ᠰᠣᠷᠣᠭᠴᠢ | ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠨᠠᠷᠢᠨ ᠳᠦᠷᠢᠮ︾ ᠤᠨ | ᠱᠠᠭᠠᠷᠳᠠᠯᠭ᠎ᠠ ᠶᠣᠰᠣᠭᠠᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠭᠰᠠᠨ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠲᠠᠢ | ᠤᠶᠠᠯᠳᠤᠭᠤᠯᠤᠭᠰᠠᠨ ᠰᠣᠷᠣᠭᠴᠢ ᠡᠯᠰᠡᠬᠦ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠢ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠯᠦᠭᠡ ᠪᠦᠲᠦᠮᠵᠢᠲᠡᠶ | ᠵᠣᠯᠭᠠᠭᠤᠯᠬᠤ ᠶᠢ ᠠᠬᠢᠭᠤᠯᠤᠨ᠎ᠡ᠃ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ | ᠵᠢᠷᠤᠮᠵᠢᠭᠤᠯᠬᠤ ᠬᠡᠷᠡᠭᠲᠡᠢ᠃ ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠷᠠᠳ ᠠᠴᠠ ᠡᠷᠬᠢᠯᠡᠭᠰᠡᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠤᠯᠢ ᠶᠣᠰᠣᠭᠠᠷ ᠰᠤᠷᠭᠠᠭᠤᠯᠢ ᠡᠷᠬᠢᠯᠡᠬᠦ ᠬᠢᠷᠢ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠬᠤᠶᠠᠷ ᠢ ᠪᠠᠭᠠᠰᠬᠠᠬᠤ︾ ᠶᠢ ᠦᠷᠭᠦᠯᠵᠢᠯᠡᠨ ᠲᠣᠪᠣᠶᠢᠮ᠎ᠠ | ᠪᠠᠶᠢᠷᠢᠨ ᠳᠤ ᠲᠠᠯᠪᠢᠨ ᠠᠳᠬᠤᠵᠤ᠂ ᠰᠤᠷᠭᠠᠭᠤᠯᠢ ᠶᠢᠨ ᠭᠠᠳᠠᠨᠠᠬᠢ ᠴᠢᠩᠭ᠎ᠠ ᠬᠠᠮᠢᠶᠠᠷᠤᠯᠲᠠ ᠪᠠ ᠰᠤᠷᠭᠠᠭᠤᠯᠢ ᠶᠢᠨ | ᠳᠣᠲᠣᠭᠠᠳᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠭᠤᠯᠤᠨ | ᠬᠦᠴᠦᠯᠡᠬᠦ ᠶᠢ ᠪᠠᠷᠢᠮᠲᠠᠯᠠᠵᠤ᠂ ᠰᠢᠨᠵᠢᠯᠡᠭᠡᠨ ᠤ ᠰᠠᠯᠠᠭ᠎ᠠ ᠶᠢᠨ ᠲᠦᠷᠦᠯ ᠤᠨ ᠪᠣᠯᠪᠠᠰᠤᠷᠠᠭᠤᠯᠤᠯ ᠤᠨ ᠨᠢᠭᠤᠭᠳᠠᠮᠠᠯ | ᠣᠨᠳᠣᠣᠰᠢᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠪᠤᠰᠤ ᠲᠦᠷᠦᠯ ᠤᠨ | ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠬᠢᠷᠢ ᠲᠦᠪᠰᠢᠨ᠂ ᠳᠠᠰᠬᠠᠯ ᠤᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠪᠠ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ ᠤᠨ | ᠰᠤᠷᠭᠠᠭᠤᠯᠢ ᠶᠢᠨ ᠳᠣᠲᠣᠷ᠎ᠠ ᠪᠠᠨ ᠭᠦᠢᠴᠡᠳ ᠰᠠᠶᠢᠨ ᠰᠤᠷᠴᠤ ᠴᠢᠳᠠᠬᠤ ᠬᠡᠷᠡᠭᠴᠡᠭᠡ ᠶᠢ ᠴᠢᠷᠮᠠᠶᠢᠨ ᠬᠠᠩᠭᠠᠨ᠎ᠠ᠃ | ᠰᠤᠷᠭᠠᠨ ᠬᠥᠮᠦᠵᠢᠯ ᠤᠨ ᠬᠦᠷᠢᠶᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ | ᠲᠥᠯᠥᠭᠡ᠂ ᠰᠤᠷᠭᠠᠭᠤᠯᠢ ᠳᠤ ᠣᠷᠣᠬᠤ ︵ᠬᠡᠦᠬᠡᠳ ᠤᠨ ᠴᠡᠴᠡᠷᠯᠢᠭ︶ ᠶᠢᠨ ᠲᠥᠬᠦᠮ ᠦᠵᠡᠭᠦᠯᠬᠦ ᠬᠡᠮᠵᠢᠶ᠎ᠡ ᠶᠢ | ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠨᠢᠭᠡ ᠳᠠᠷᠤᠪᠴᠢ ᠪᠠᠷ ᠰᠤᠷᠭᠠᠭᠤᠯᠢ ᠳᠤ | ᠤᠷᠤᠬᠤ︾ ᠪᠠ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ︽ᠨᠢᠭᠡ ᠳᠠᠷᠤᠪᠴᠢ ᠪᠠᠷ ᠬᠡᠦᠬᠡᠳ ᠤᠨ | ᠴᠡᠴᠡᠷᠯᠢᠭ ᠲᠤ ᠤᠷᠤᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠶᠢ ᠲᠠᠯᠪᠢᠵᠤ ᠭᠤᠷᠪᠠ ᠶᠢ ᠪᠠᠭᠠᠰᠬᠠᠬᠤ | ︾ ︵ᠡᠷᠬᠡ ᠶᠢ ᠳᠤᠷᠤᠭᠰᠢ ᠳᠠᠯᠪᠢᠬᠤ᠂ ᠮᠠᠲ᠋ᠧᠷᠢᠶᠠᠯ ᠢ ᠳᠥᠭᠦᠮᠴᠢᠯᠡᠬᠦ᠂ ᠭᠤᠭᠴᠤᠭ᠎ᠠ ᠶᠢ ᠪᠠᠭᠠᠰᠬᠠᠬᠤ᠂ ᠴᠠᠭ ᠤᠨ | ᠬᠢᠵᠠᠭᠠᠷ ᠢ ᠪᠠᠭᠠᠰᠬᠠᠬᠤ︶ ᠪᠠᠷ ᠬᠠᠷᠠᠯᠲᠠ ᠪᠣᠯᠭᠠᠭᠰᠠᠨ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠪᠠᠭᠰᠢ ᠶᠢᠨ ᠬᠢᠷᠢ ᠬᠡᠮ ᠤᠨ | ᠦᠨᠡᠮᠯᠡᠯ ᠤᠨ ᠡᠯᠧᠺᠲᠷᠣᠨ ᠦᠨᠡᠮᠯᠡᠯ ᠤᠨ ᠥᠭᠡᠷᠡᠴᠢᠯᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠵᠠᠰᠠᠭ ᠤᠨ | ᠶᠠᠪᠤᠳᠠᠯ ᠤᠨ ᠪᠠᠷᠢᠮᠵᠢᠶᠠᠵᠢᠯᠳᠡ᠂ ᠵᠢᠷᠤᠮᠵᠢᠯᠳᠡ᠂ ᠲᠦᠬᠦᠮᠴᠢᠯᠡᠯᠳᠡ ᠶᠢ ᠳᠡᠭᠡᠭᠰᠢᠯᠡᠬᠦᠯᠦᠨ᠎ᠡ᠃ | | | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |