| ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ 2023 ᠣᠨ ᠤ 7 ᠰᠠᠷ᠎ᠠ ᠶᠢᠨ 12 ᠤᠨ ᠡᠳᠦᠷ ᠠᠴᠠ 13 ᠤ | ᠡᠳᠦᠷ ᠪᠣᠯᠲᠠᠯ᠎ᠠ ᠵᠢᠨᠢᠩ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 52 ᠬᠥᠮᠥᠨ᠂ | ᠣᠷᠣᠯᠠᠭᠴᠢ ᠭᠡᠰᠢᠭᠦᠨ 10 ᠬᠥᠮᠥᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠲᠠ ᠶᠢᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ | ᠬᠡᠰᠡᠭ ᠲᠥᠯᠥᠭᠡᠯᠡᠭᠴᠢ ᠪᠠ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠣᠷᠣᠯᠴᠠᠭᠰᠠᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | | | | 7 ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ | ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ | ᠠᠩᠬᠠᠳᠤᠭᠠᠷ ᠪᠥᠬᠦᠳᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠰᠤᠷᠪᠤᠯᠵᠢᠯᠠᠭᠴᠢ ᠵᠠᠩ ᠰᠢᠶᠣᠣ ᠫᠧᠩ ᠰᠡᠭᠦᠳᠡᠷᠯᠡᠪᠡ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠵᠤ᠂ | ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠶᠠᠷᠢᠶ᠎ᠠ ᠲᠠᠯᠪᠢᠵᠠᠢ᠃ | | | | | | | 7 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ | ᠵᠢᠨᠢᠩ ᠳᠤ ᠬᠤᠷᠠᠯᠳᠤᠪᠠ᠃ ᠰᠤᠷᠪᠤᠯᠵᠢᠯᠠᠭᠴᠢ ᠲᠠᠩ ᠰᠢᠤᠸᠠᠨ ᠪᠥᠸᠧ ᠰᠡᠭᠦᠳᠡᠷᠯᠡᠪᠡ | ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ | ᠲᠤᠬᠠᠢ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ ᠲᠣᠭᠲᠠᠭᠠᠯ︾ ᠢ ᠬᠢᠨᠠᠨ | ᠵᠥᠪᠯᠡᠵᠦ ᠪᠠᠲᠤᠯᠠᠭᠠᠳ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ | ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠠ | ᠬᠤᠲᠠ ᠶᠢᠨ ᠬᠠᠮᠢᠶ᠎ᠠ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠦᠢ ᠸᠧᠢ | ᠵᠢᠶᠦ᠋ᠨ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ | ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶ᠎ᠠ ᠨᠢ | ᠡᠭᠦᠨ ᠠᠴᠠ ᠡᠮᠦᠨᠡᠬᠢ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠲᠠᠢ ᠲᠤᠤᠱᠳᠠᠢ | ᠲᠤᠤᠱᠯᠠᠭᠳᠠᠭᠰᠠᠨ ᠢᠶᠠᠷ ᠪᠠᠷᠠᠬᠤ ᠦᠭᠡᠢ᠂ ᠪᠠᠰᠠ ᠰᠢᠨ᠎ᠡ ᠪᠠᠷ ᠥᠷᠭᠡᠳᠬᠡᠵᠦ᠂ ᠨᠡᠩ ᠥᠨᠳᠥᠷ ᠱᠠᠭᠠᠷᠳᠠᠯᠭ᠎ᠠ ᠲᠠᠢ | ᠪᠠᠶᠢᠵᠤ᠂ ᠤᠯᠠᠭᠠᠨᠴᠠᠪ ᠬᠤᠳᠠ ᠶᠢᠨ ᠠᠵᠢᠯ ᠢ ᠰᠠᠶᠢᠲᠤᠷ ᠬᠢᠬᠦ ᠳᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ | ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠪᠦᠬᠦ | ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠤᠯᠤᠰ ᠲᠥᠷᠥ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ | ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ | ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ | ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠪᠠᠷ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ | ᠥᠷᠨᠢᠭᠦᠯᠬᠦ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ | ᠭᠦᠨᠵᠡᠭᠡᠢ ᠣᠶᠢᠯᠠᠭᠠᠨ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠬᠠᠶᠢᠷ᠎ᠠ ᠬᠠᠯᠠᠮᠵᠢ ᠶᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠪᠡ᠃ | ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠬᠦᠴᠦᠯᠡᠨ ᠠᠬᠢᠭᠤᠯᠵᠤ᠂ ᠬᠤᠯᠪᠣᠭᠳᠠᠯ ᠪᠦᠬᠦᠢ ᠡᠭᠦᠷᠭᠡ ᠶᠢ | ᠪᠣᠳᠠᠲᠠᠢ ᠬᠡᠷᠡᠭᠵᠢᠭᠦᠯᠬᠦ ᠲᠥᠰᠥᠯ ᠳᠤ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠪᠠᠴᠢᠮ | ᠶᠠᠭᠠᠷᠠᠯᠲᠠᠢ ᠠᠬᠢᠭᠤᠯᠬᠤ ᠬᠡᠷᠡᠭᠲᠡᠢ᠃ ︽ᠤᠯᠤᠰ ᠤᠨ ᠶᠡᠭᠡ ᠳᠠᠯ᠎ᠠ︾ ᠶᠢ ᠪᠠᠲᠤ ᠴᠡᠭᠡᠵᠢᠯᠡᠵᠦ᠂ ᠠᠭᠤᠯᠠ ᠤᠰᠤ | ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ︾ ᠶᠢ ᠲᠤᠪᠤᠶᠢᠯᠭᠠᠵᠦ᠂ ᠤᠢ | ᠰᠢᠭᠤᠢ ᠨᠤᠲᠤᠭ ᠪᠡᠯᠴᠢᠭᠡᠷ ᠢ ᠬᠠᠮᠠᠭᠠᠯᠠᠵᠤ ᠰᠡᠯᠪᠢᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ︔ ︽ᠤᠰᠤ | ᠲᠣᠭᠤᠰᠣ ᠶᠢ ᠵᠠᠰᠠᠬᠤ︾ ᠶᠢ ᠳᠣᠪᠤᠶᠢᠯᠭᠠᠵᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ | ᠵᠠᠰᠠᠬᠤ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠰᠠᠶᠢᠲᠤᠷ ᠠᠳᠬᠤᠨ᠎ᠠ︔ ︽ | ᠤᠰᠤ ᠠᠷᠪᠢᠯᠠᠵᠤ ᠤᠰᠤ ᠶᠢ ᠬᠢᠵᠠᠭᠠᠷᠯᠠᠬᠤ︾ ᠶᠢ ᠲᠣᠪᠤᠶᠢᠯᠭᠠᠨ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠤᠨ᠎ᠠ᠃ ᠠᠵᠢᠯ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠰᠠᠶᠢᠲᠤᠷ ᠪᠦᠲᠦᠭᠡᠨ | ᠪᠠᠶᠢᠭᠤᠯᠬᠤ ᠬᠡᠷᠡᠭᠲᠡᠢ᠃ ᠰᠢᠯᠢᠳᠡᠭ ᠢ ᠪᠣᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠣᠳᠣᠯᠬᠢᠯᠠᠵᠤ᠂ | ᠬᠡᠪᠴᠢᠶᠡᠵᠢᠭᠦᠯᠦᠨ ᠪᠠᠶᠢᠷᠢᠰᠢᠭᠤᠯᠬᠤ᠂ ᠲᠤᠰᠬᠠᠶᠢᠵᠢᠭᠤᠯᠤᠨ ᠨᠡᠭᠡᠭᠡᠨ ᠬᠥᠭᠵᠢᠭᠦᠯᠬᠦ᠂ ᠠᠵᠤ ᠦᠢᠯᠡᠰᠵᠢᠭᠦᠯᠦᠨ | ᠠᠬᠢᠭᠤᠯᠬᠤ᠂ ᠬᠤᠪᠢ ᠣᠷᠣᠭᠤᠯᠬᠤ ᠳᠦᠷᠢᠮ ᠢᠶᠠᠷ ᠬᠠᠮᠲᠤᠷᠠᠯᠴᠠᠬᠤ ᠶᠢ ᠪᠠᠷᠢᠮᠲᠠᠯᠠᠵᠤ᠂ ᠪᠤᠬᠢᠷᠳᠤᠯ ᠦᠬᠡᠢ | ᠴᠠᠬᠢᠯᠭᠠᠨ ᠢ ᠰᠢᠩᠭᠡᠭᠡᠬᠦ᠂ ᠪᠤᠬᠢᠷᠳᠤᠯ ᠦᠬᠡᠢ ᠡᠨᠧᠷᠭᠢ ᠶᠢ ᠣᠷᠣᠯᠠᠭᠤᠯᠬᠤ᠂ ᠪᠤᠬᠢᠷᠳᠤᠯ ᠦᠬᠡᠢ ᠤᠰᠤᠲᠥ᠋ᠷᠥᠭᠴᠢ ᠶᠢ | ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠰᠠᠭᠤᠷᠢᠨ ᠭᠠᠵᠠᠷ ᠪᠠᠶᠢᠭᠤᠯᠵᠤ᠂ ᠵᠠᠮ ᠢ ᠨᠠᠪᠲᠠᠷᠡᠭᠦᠯᠵᠦ᠂ ᠠᠵᠤ | ᠦᠢᠯᠡᠰ ᠢ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠶᠠᠰᠤ ᠴᠢᠨᠠᠷ ᠢ ᠳᠡᠭᠡᠭᠰᠢᠯᠡᠭᠦᠯᠦᠨ | ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ᠂ ︽ᠭᠠᠵᠠᠷ ᠰᠢᠷᠣᠢ᠂ ᠤᠰᠤ᠂ ᠡᠭᠦᠯᠳᠡᠷ ᠪᠠ | ᠠᠮᠤ ᠪᠤᠳᠠᠭ᠎ᠠ᠂ ᠮᠢᠬ᠎ᠠ᠂ ᠰᠦ︾ ᠵᠡᠷᠭᠡ ᠵᠢᠷᠭᠤᠭᠠᠨ ᠭᠤᠣᠯᠳᠠᠯᠭ᠎ᠠ ᠶᠢᠨ ᠲᠣᠭᠤᠷᠢᠨ ᠳᠤ᠂ ᠲᠤᠭ᠎ᠠ ᠬᠡᠮᠵᠢᠶ᠎ᠡ ᠶᠢ | ᠲᠠᠰᠤᠷᠠᠯᠲᠠ ᠦᠭᠡᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠭᠠᠷᠤᠯᠲᠠ ᠶᠢ ᠨᠡᠮᠡᠭᠳᠡᠭᠦᠯᠦᠨ᠂ ᠤᠯᠤᠰ ᠤᠨ | ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ | ᠥᠪᠥᠷ ᠮᠣᠩᠭᠤᠯ ᠤᠨ ᠳᠣᠯᠣᠳᠤᠭᠠᠷ ᠰᠤᠮᠤᠨ ᠤ ᠤᠯᠤᠰ ᠤᠨ ᠭᠠᠳᠠᠭᠠᠳᠤ ᠣᠷᠣᠭᠤᠯᠤᠯᠲᠠ ᠶᠢᠨ ᠠᠷᠠᠯᠵᠢᠶ᠎ᠠ ᠶᠢ | ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠦᠲᠦᠭᠡᠨ | ᠪᠠᠶᠢᠭᠤᠯᠵᠤ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ | ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠥᠨᠳᠥᠷ ᠲᠦᠪᠰᠢᠨ ᠪᠦᠬᠦᠢ | ᠨᠡᠭᠡᠭᠡᠯᠲᠡᠲᠤ ᠲᠠᠪᠴᠠᠩ ᠢ ᠪᠠᠶᠢᠭᠤᠯᠵᠤ᠂ ᠶᠡᠭᠡ ᠬᠦᠴᠦ ᠣᠷᠣᠭᠤᠯᠤᠨ ︽ᠠᠷᠢᠬᠢ ᠮᠢᠬ᠎ᠠ ᠪᠠᠷ ᠥᠩᠭᠡᠷᠡᠬᠦ︾ | ᠠᠰᠠᠭᠤᠳᠠᠯ ᠢ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ | ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠴᠥᠬᠡᠨ ᠴᠦ ᠬᠡᠯᠲᠡᠭᠡᠶᠢᠳᠡᠯ ᠦᠭᠡᠢ ᠪᠠᠷ ᠪᠠᠲᠤ ᠪᠠᠬᠢ ᠪᠤᠶ | ᠪᠣᠯᠭᠠᠵᠤ᠂ ︽ᠳᠣᠯᠣᠭᠠᠨ ᠵᠢᠱᠢᠶᠡᠴᠢ ᠪᠣᠯᠬᠤ︾ ᠪᠠᠷ ᠪᠠᠷᠢᠮᠵᠢᠶ᠎ᠠ ᠪᠣᠯᠭᠠᠬᠤ ᠱᠠᠭᠠᠷᠳᠠᠯᠭ᠎ᠠ ᠳᠤ ᠴᠢᠭᠯᠡᠭᠦᠯᠦᠨ᠂ ᠪᠦᠬᠦ | ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠳᠤ ᠤᠯᠠᠭᠠᠨᠴᠠᠪ ᠲᠤ ᠬᠤᠪᠢ ᠨᠡᠮᠡᠷᠢ | ᠦᠵᠡᠭᠦᠯᠵᠦ᠂ ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ | ᠰᠠᠯᠤᠯ ᠦᠭᠡᠢ ᠳᠠᠭᠠᠵᠤ ᠰᠢᠨ᠎ᠡ ᠠᠶᠠᠨ ᠵᠠᠮ ᠳᠠᠭᠠᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠰᠢᠨ᠎ᠡ ᠬᠠᠭᠤᠳᠠᠰᠤ ᠶᠢ | ᠪᠢᠴᠢᠭᠯᠡᠵᠦ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ ᠲᠠᠬᠢᠨ ᠰᠢᠨ᠎ᠡ ᠳᠡᠭᠲᠡᠷ ᠲᠤ ᠭᠠᠷᠭᠠᠵᠤ᠂ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠰᠢᠨ᠎ᠡ ᠠᠮᠵᠢᠯᠲᠠ | ᠪᠦᠲᠦᠮᠵᠢ ᠭᠠᠷᠭᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠭᠤᠨ ᠪᠠᠶᠢᠯᠭᠠᠵᠤ ᠬᠢᠯᠢ ᠬᠢᠵᠠᠭᠠᠷ | ᠣᠷᠣᠨ ᠢ ᠪᠠᠬᠢᠵᠢᠭᠦᠯᠬᠦ ᠳᠤ ᠰᠢᠨ᠎ᠡ ᠡᠭᠦᠷᠭᠡᠯᠡᠯ ᠢ ᠭᠦᠢᠴᠡᠳ ᠡᠭᠦᠷᠭᠡᠯᠡᠵᠦ᠂ ᠬᠢᠯᠢ ᠬᠢᠵᠠᠭᠠᠷ ᠣᠷᠣᠨ ᠤ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ | ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ︽ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠳᠠ ᠶᠢᠨ | ᠬᠤᠷᠢᠶ᠎ᠠ ᠶᠢᠨ ᠲᠣᠭᠲᠠᠭᠠᠯ︾ ᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ | ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ | ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠡᠷᠴᠢᠮ ᠢᠶᠠᠨ ᠴᠢᠩᠭᠠᠷᠠᠭᠤᠯᠤᠨ ᠠᠬᠢᠭᠤᠯᠵᠤ | ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠣᠶᠤᠨ ᠰᠠᠨᠠᠭᠠᠨ ᠤ ᠲᠦᠰᠢᠭᠯᠡᠯ ᠢ ᠨᠠᠩ | ᠰᠠᠶᠢᠲᠤᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠨᠢᠭᠡᠳᠦᠭᠡᠷ ᠠᠵᠤ | ᠦᠢᠯᠡᠰ ᠢ ᠰᠢᠯᠢᠳᠡᠭᠵᠢᠭᠦᠯᠵᠦ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠭᠤᠷᠪᠠᠳᠤᠭᠠᠷ ᠠᠵᠤ | ᠦᠢᠯᠡᠰ ᠢ ᠪᠤᠵᠠᠭᠠᠶᠢᠷᠠᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ | ᠰᠢᠯᠢᠳᠡᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠨᠣᠬᠠᠢ ᠶᠢᠨ ᠬᠤᠰᠢᠭᠤ ᠶᠢᠨ ᠠᠵᠤ ᠦᠢᠯᠡᠰ ᠢ ᠳᠡᠭᠡᠭᠰᠢᠯᠡᠭᠦᠯᠬᠦ᠂ | ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ᠂ ᠲᠥᠮᠥᠰᠥ ᠶᠢᠨ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ | ᠥᠷᠲᠡᠭ ᠢ ᠨᠡᠮᠡᠭᠳᠡᠭᠦᠯᠬᠦ᠂ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ᠂ ᠠᠯᠠᠰᠢᠨ | ᠬᠤᠨᠢ ᠶᠢ ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠦ ᠶᠢᠨ ᠦᠢᠯᠡᠰ ᠢ ᠬᠥᠭᠵᠢᠭᠦᠯᠬᠦ ︽ᠵᠢᠷᠭᠤᠭᠠᠨ | ᠶᠡᠭᠡ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠪᠦᠲᠦᠴᠡ ᠶᠢ ᠲᠣᠬᠢᠷᠠᠭᠤᠯᠤᠨ᠂ ᠶᠠᠰᠤ ᠴᠢᠨᠠᠷ ᠢ | ᠰᠢᠯᠢᠳᠡᠭᠵᠢᠭᠦᠯᠵᠦ᠂ ᠦᠷ᠎ᠡ ᠠᠰᠢᠭ ᠢ ᠨᠡᠮᠡᠭᠳᠡᠭᠦᠯᠦᠨ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ | ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭᠠᠨᠢᠭ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠡᠭᠡᠷ᠎ᠡ ᠬᠦᠴᠦ ᠲᠠᠯᠪᠢᠵᠤ᠂ ︽ᠬᠤᠪᠢᠷᠠᠭᠤᠯᠬᠤ︾ | ᠴᠢᠭᠯᠡᠯ ᠢ ᠲᠣᠳᠣᠷᠬᠠᠶᠢᠯᠠᠵᠤ᠂ ᠲᠦᠷᠦᠯ ᠵᠦᠢᠯ ᠬᠤᠪᠢᠶᠠᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠰᠡᠳᠬᠢᠴᠡ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ ᠨᠠᠷᠢᠯᠢᠭᠵᠢᠭᠤᠯᠬᠤ ᠬᠡᠷᠡᠭᠲᠡᠢ︔ ︽ᠬᠤᠪᠢᠷᠠᠭᠤᠯᠬᠤ︾ | ᠰᠠᠨᠠᠭᠠᠴᠢᠯᠠᠭ᠎ᠠ ᠲᠠᠢ ᠪᠠᠶᠢᠬᠤ ᠶᠢ ᠪᠠᠲᠤᠯᠠᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠳᠠᠶᠢᠴᠢᠯᠠᠬᠤ ᠬᠡᠷᠡᠭᠲᠡᠢ︔ ︽ᠬᠤᠪᠢᠷᠠᠭᠤᠯᠬᠤ︾ | ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠪᠠᠷ ᠬᠥᠲᠥᠯᠥᠨ | ᠵᠢᠯᠤᠭᠤᠳᠬᠤ ᠵᠡᠷᠭᠡ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠣᠶᠣᠯ ᠵᠤᠭᠠᠴᠠᠯ ᠢ | ᠠᠭᠤᠰᠤᠯᠴᠠᠭᠤᠯᠤᠨ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠰᠣᠶᠣᠯ ᠵᠤᠭᠠᠴᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠢᠳᠡᠪᠬᠢᠲᠡᠢ ᠪᠣᠶᠢᠵᠢᠭᠤᠯᠵᠤ᠂ ᠰᠣᠶᠣᠯ ᠵᠤᠭᠠᠴᠠᠯ ᠤᠨ ᠰᠢᠨ᠎ᠡ ᠠᠭᠤᠯᠤᠭᠳᠠᠬᠤᠨ ᠢ ᠦᠷᠭᠦᠯᠵᠢᠯᠡᠨ | ᠪᠠᠶᠠᠯᠢᠭᠵᠢᠭᠤᠯᠵᠤ᠂ ᠵᠤᠭᠠᠴᠠᠯ ᠤᠨ ᠦᠢᠯᠡᠴᠢᠯᠡᠭᠡᠨ ᠤ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠤᠯᠠᠭᠠᠨᠴᠠᠪ ᠤᠨ | ᠣᠨᠴᠠᠯᠢᠭ ᠲᠠᠢ ᠰᠣᠶᠣᠯ ᠵᠤᠭᠠᠴᠠᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠢᠮᠠᠭᠲᠠ | ᠰᠡᠳᠬᠢᠯ ᠳᠡᠭᠡᠨ ᠪᠤᠳᠤᠵᠤ᠂ ᠠᠷᠠᠳ ᠤᠯᠠᠨ ᠤ ᠪᠠᠴᠢᠮ ᠬᠦᠴᠢᠷ ᠵᠣᠪᠠᠨᠢᠯ ᠬᠦᠰᠡᠯ ᠡᠷᠡᠮᠡᠯᠵᠡᠯ ᠢ ᠴᠠᠭ ᠢᠮᠠᠭᠲᠠ | ᠠᠳᠬᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠨᠢ | ᠠᠵᠢᠯᠯᠠᠭ᠎ᠠ ᠳᠡᠭᠡᠷ᠎ᠡ ᠪᠠᠨ ᠪᠠᠶᠢᠬᠤ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢ᠂ ᠬᠥᠯᠥᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠬᠦᠴᠢᠷᠳᠡᠯ ᠲᠠᠢ | ᠬᠥᠮᠥᠰ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠬᠦᠴᠦ ᠣᠷᠣᠭᠤᠯᠤᠨ ᠰᠠᠶᠢᠲᠤᠷ ᠡᠷᠬᠢᠯᠡᠵᠤ᠂ ᠥᠪᠥᠷ | ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ | ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠡᠪᠴᠢᠶᠡᠵᠢᠭᠰᠡᠨ | ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠣᠷᠣᠯᠭ᠎ᠠ | ᠪᠠᠭᠠᠲᠠᠢ ᠬᠠᠮᠲᠤᠯᠢᠭ ᠤᠨ ᠦᠨᠳᠦᠰᠦᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠠᠩᠬᠠᠷᠤᠨ ᠪᠦᠬᠦ ᠬᠦᠴᠦᠨ ᠢᠶᠠᠷ ᠢᠶᠠᠨ | ᠪᠠᠲᠤᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠦᠨ᠎ᠡ᠃ ᠨᠠᠰᠤᠵᠢᠯ ᠤᠨ | ᠠᠰᠠᠷᠠᠮᠵᠢ ᠶᠢᠨ ᠦᠢᠯᠡᠰ ᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ︽ᠭᠤᠷᠪᠠ ᠶᠢ ᠥᠭᠡᠷᠡᠴᠢᠯᠡᠵᠦ ᠭᠤᠷᠪᠠ ᠶᠢ | ᠵᠠᠰᠠᠬᠤ︾ ᠪᠠᠷ ᠲᠥᠪ ︵ᠥᠷᠲᠡᠭᠡ︶ ᠪᠠᠶᠢᠭᠤᠯᠬᠤ ᠶᠢ ᠪᠠᠷᠢᠮᠲᠠᠯᠠᠨ᠂ ︽ᠲᠠᠪᠤ ᠶᠢ ᠵᠡᠷᠭᠡᠪᠡᠷ ᠬᠥᠭᠵᠢᠭᠦᠯᠬᠦ︾ | ᠦᠢᠯᠡᠴᠢᠯᠡᠭᠡ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ | ᠨᠥᠬᠦᠪᠦᠷᠢᠯᠡᠵᠦ᠂ ︽ᠤᠯᠠᠭᠠᠨ ᠤ ᠵᠣᠯ ᠵᠢᠷᠭᠠᠯ ᠤᠨ ᠬᠦᠷᠢᠶᠡᠯᠡᠩ︾ ᠤᠨ ᠣᠨᠴᠠᠯᠢᠭᠲᠤ ᠨᠠᠷᠠᠲᠤ ᠲᠡᠮᠳᠡᠭᠲᠦ ᠶᠢ | ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠯ᠎ᠡ ᠲᠦᠷᠦᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠣᠶᠢᠯᠠᠭᠠᠭᠳᠠᠬᠤᠨ ᠢᠶᠠᠨ ᠦᠨᠡᠨᠬᠦ | ᠰᠢᠨᠡᠴᠢᠯᠡᠵᠦ᠂ ︽ᠳᠤᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ᠵᠥᠪ ᠦᠵᠡᠯ ᠰᠠᠨᠠᠭ᠎ᠠ ᠲᠠᠨᠢᠯᠲᠠ ᠶᠢ ᠪᠤᠢ | ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠰᠡᠳᠬᠢᠴᠡ᠂ ᠠᠷᠭ᠎ᠠ ᠰᠦᠪᠡᠭᠴᠢᠯᠡᠵᠦ᠂ | ᠲᠣᠭᠲᠠᠴᠠ ᠶᠢᠨ ᠰᠢᠨ᠎ᠡ ᠶᠢ ᠡᠭᠦᠳᠬᠦ ᠶᠠᠪᠤᠴᠠ ᠳᠤ ᠠᠵᠠ ᠲᠣᠬᠢᠶᠠᠯ ᠢ ᠠᠮᠵᠢᠵᠤ᠂ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠠᠷᠪᠢᠲᠠᠢ ᠡᠷᠴᠢᠮᠯᠢᠭ ᠪᠠᠶᠢᠬᠤ ᠶᠠᠪᠤᠴᠠ ᠳᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ | ᠬᠥᠭᠵᠢᠯᠲᠡ ᠶᠢ ᠠᠬᠢᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠠᠪᠤᠴᠠ ᠳᠤ ᠠᠵᠠ ᠲᠣᠬᠢᠶᠠᠯ ᠢ ᠡᠷᠢᠵᠦ᠂ | ᠬᠠᠮᠲᠤᠪᠠᠷ ᠠᠰᠢᠭ ᠬᠦᠷᠳᠡᠬᠦ ᠶᠢ ᠡᠷᠢᠯᠬᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠦᠷ᠎ᠡ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ︽ | ᠤᠳᠠᠭᠠᠨ︾ ᠤ ᠠᠰᠠᠭᠤᠳᠠᠯ ᠢ ᠬᠦᠴᠦᠯᠡᠨ ᠬᠤᠪᠢᠷᠠᠭᠤᠯᠵᠤ᠂ ᠨᠠᠷᠢᠨ ᠵᠦᠢᠯᠡᠰ ᠤᠨ ᠤᠬᠠᠮᠰᠠᠷ ᠢ ᠪᠤᠢ ᠪᠣᠯᠭᠠᠵᠤ᠂ | ᠵᠣᠷᠢᠭ ᠰᠢᠭᠤᠳᠤᠨ ︽ᠪᠦᠳᠦᠭᠦᠯᠢᠭ︾ ᠤᠨ ᠭᠡᠮ ᠰᠣᠭᠤᠭ ᠢ ᠲᠡᠪᠴᠢᠵᠦ᠂ ᠪᠣᠳᠠᠲᠠᠢ ᠠᠵᠢᠯᠯᠠᠬᠤ ᠵᠣᠷᠢᠭ | ᠰᠠᠨᠠᠭ᠎ᠠ ᠶᠢ ᠪᠤᠢ ᠪᠣᠯᠭᠠᠵᠤ᠂ ᠬᠦᠴᠦ ᠣᠷᠣᠭᠤᠯᠤᠨ ︽ᠬᠡᠶᠢᠰᠪᠦᠷᠢ︾ ᠦᠵᠡᠭᠳᠡᠯ ᠢ ᠰᠡᠷᠭᠡᠶᠢᠯᠡᠵᠦ᠂ ᠰᠢᠢᠳᠪᠦᠷᠢᠯᠡᠬᠦ | ᠰᠡᠳᠬᠢᠬᠦᠢ ᠶᠢ ᠪᠤᠢ ᠪᠣᠯᠭᠠᠵᠤ᠂ ︽ᠬᠦᠴᠢᠷ︾ ᠤᠨ ᠪᠣᠭᠤᠮᠲᠠ ᠶᠢ ᠬᠦᠴᠦᠯᠡᠨ ᠰᠢᠪᠲᠤᠯᠵᠤ᠂ ᠴᠥᠬᠦᠷᠡᠰᠢ ᠦᠭᠡᠢ | ᠴᠢᠷᠮᠠᠶᠢᠵᠤ ᠪᠠᠶᠢᠭᠠᠳ ᠰᠤᠷᠲᠠᠯ ᠢᠶᠠᠨ ᠰᠠᠶᠢᠵᠢᠷᠠᠭᠤᠯᠬᠤ ᠬᠡᠷᠡᠭᠲᠡᠢ᠃ ᠢᠮᠠᠭᠲᠠ ᠡᠷᠡᠰ ᠪᠠᠲᠤ ᠪᠠᠷ ᠪᠠᠷᠢᠮᠲᠠᠯᠠᠵᠤ᠂ | ᠲᠣᠭᠲᠠᠭᠠᠭᠰᠠᠨ ᠬᠠᠷᠠᠯᠲᠠ ᠪᠠᠨ ᠴᠥᠬᠦᠷᠡᠰᠢ ᠦᠭᠡᠢ ᠪᠠᠷᠢᠮᠲᠠᠯᠠᠵᠤ᠂ ᠭᠠᠷᠭᠠᠭᠰᠠᠨ ᠰᠢᠢᠳᠪᠦᠷᠢᠲᠦ ᠪᠣᠳᠣᠯᠭ᠎ᠠ ᠪᠠᠨ | ᠡᠴᠦᠰ ᠲᠤᠨᠢ ᠲᠤᠯᠲᠠᠯ᠎ᠠ ᠠᠳᠬᠤᠵᠤ᠂ ᠣᠨᠣᠪᠴᠢᠲᠠᠢ ᠣᠯᠵᠤ ᠦᠵᠡᠭᠰᠡᠨ ᠶᠠᠪᠤᠳᠠᠯ ᠢᠶᠠᠨ ᠴᠥᠬᠦᠷᠡᠰᠢ ᠦᠭᠡᠢ | ᠪᠠᠷᠢᠮᠲᠠᠯᠠᠬᠤ ᠬᠡᠷᠡᠭᠲᠡᠢ᠃ ︽ᠰᠢ ᠶᠢᠨ ᠫᠢᠩ ᠤᠨ ᠲᠣᠭᠲᠠᠭᠠᠭᠰᠠᠨ ᠬᠠᠷᠠᠯᠲᠠ ᠶᠢ ᠴᠤᠴᠠᠯᠲᠠ ᠦᠭᠡᠢ ᠪᠠᠷᠢᠮᠲᠠᠯᠠᠵᠤ᠂ | ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠶᠢ ᠡᠴᠦᠰ ᠲᠤᠨᠢ ᠲᠤᠯᠲᠠᠯ᠎ᠠ ᠠᠳᠬᠤᠵᠤ᠂ ᠣᠨᠣᠪᠴᠢᠲᠠᠢ ᠣᠯᠵᠤ | ᠦᠵᠡᠭᠰᠡᠨ ᠶᠠᠪᠤᠳᠠᠯ ᠢᠶᠠᠨ ᠴᠤᠴᠠᠯᠲᠠ ᠦᠭᠡᠢ ᠪᠠᠷ ᠴᠢᠷᠮᠠᠶᠢᠨ ᠪᠡᠶᠡᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠬᠠᠮᠤᠭ ᠤᠨ ᠬᠦᠴᠢᠷ ᠠᠰᠠᠭᠤᠳᠠᠯ ᠢ | ᠵᠣᠷᠢᠭᠲᠠᠢ ᠪᠠᠷ ᠰᠢᠢᠳᠪᠦᠷᠢᠯᠡᠵᠦ᠂ ᠬᠠᠮᠤᠭ ᠤᠨ ᠬᠦᠴᠢᠷ ᠠᠰᠠᠭᠤᠳᠠᠯ ᠢ ᠵᠣᠷᠢᠭᠲᠠᠢ ᠪᠠᠷ ᠬᠦᠯᠢᠶᠡᠨ ᠠᠪᠬᠤ ᠬᠡᠷᠡᠭᠲᠡᠢ᠃ | ᠦᠨᠡᠨ ᠪᠣᠳᠠᠲᠠᠢ ᠦᠷ᠎ᠡ ᠪᠦᠲᠦᠭᠡᠯ ᠢᠶᠠᠷ ᠰᠢᠯᠭᠠᠯᠲᠠ ᠶᠢᠨ ᠬᠠᠭᠤᠳᠠᠰᠤ ᠶᠢ ᠲᠤᠰᠢᠶᠠᠵᠤ᠂ ᠨᠢᠭᠡ ᠠᠰᠠᠭᠤᠳᠠᠯ ᠢ | ᠰᠤᠳᠤᠯᠪᠠᠯ ᠳᠠᠷᠤᠢ ᠨᠡᠪᠲᠡᠷᠬᠡᠢ ᠰᠤᠳᠤᠯᠵᠤ᠂ ᠨᠢᠭᠡ ᠵᠦᠢᠯ ᠤᠨ ᠠᠵᠢᠯ ᠢ ᠬᠢᠪᠡᠯ ᠳᠠᠷᠤᠢ ᠲᠤᠶᠢᠯᠪᠤᠷᠢᠲᠠᠢ ᠬᠢᠵᠦ᠂ | ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ᠂ ᠰᠠᠶᠢᠲᠤᠷ ᠬᠢᠵᠦ ᠰᠠᠶᠢᠲᠤᠷ ᠪᠦᠲᠦᠭᠡᠬᠦ ᠶᠢ ᠦᠨᠡᠨᠬᠦ ᠪᠡᠶᠡᠯᠡᠭᠦᠯᠬᠦ | ᠬᠡᠷᠡᠭᠲᠡᠢ᠃ ᠡᠯ᠎ᠡ ᠲᠦᠷᠦᠯ ᠤᠨ ᠦᠷ᠎ᠡ ᠪᠦᠲᠦᠭᠡᠯ ᠪᠠ ᠲᠤᠷᠰᠢᠯᠭ᠎ᠠ ᠶᠢ ᠠᠭᠤᠳᠠᠯᠬᠤ᠂ ᠳ᠋ᠦᠩᠨᠡᠬᠦ᠂ ᠳᠡᠯᠭᠡᠷᠡᠭᠦᠯᠬᠦ᠂ | ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ | ᠪᠣᠯᠭᠠᠬᠤ᠂ ᠰᠠᠶᠢᠨ ᠲᠠᠢ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠦᠷᠢᠯᠡᠬᠦ ᠶᠢ ᠲᠦᠯᠬᠢᠨ ᠠᠬᠢᠭᠤᠯᠬᠤ | ᠬᠡᠷᠡᠭᠲᠡᠢ ᠭᠡᠵᠤ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ ᠡᠨᠡ ᠵᠢᠯ ᠠᠴᠠ ᠨᠠᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠰᠠᠨᠠᠯ ᠨᠢᠭᠡᠲᠡᠢ ᠦᠵᠡᠭᠰᠡᠨ ᠨᠢ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠤ ᠨᠡᠩ ᠡᠷᠡᠰ ᠪᠠᠲᠤ ᠤᠬᠠᠮᠰᠠᠷ ᠲᠠᠢ ᠪᠣᠯᠵᠤ᠂ ︽ᠲᠠᠪᠤᠨ | ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ ᠠᠮᠵᠢᠯᠲᠠ ᠪᠦᠲᠦᠮᠵᠢ ᠣᠯᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ | ᠨᠡᠮᠡᠭᠳᠡᠭᠦᠯᠵᠦ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠶᠢ ᠠᠳᠬᠤᠬᠤ᠂ | ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠬᠤ᠂ ᠰᠢᠨ᠎ᠡ ᠬᠡᠪ ᠰᠤᠷᠲᠠᠯ ᠢ ᠪᠤᠢ ᠪᠣᠯᠭᠠᠬᠤ ᠦᠷ᠎ᠡ ᠪᠦᠲᠦᠮᠵᠢ | ᠲᠠᠰᠤᠷᠠᠯᠳᠡ ᠦᠭᠡᠢ ᠢᠯᠡᠷᠡᠵᠦ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ | ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ | ᠂ ᠡᠯ᠎ᠡ ᠵᠦᠢᠯ ᠤᠨ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠢᠨ ᠬᠢᠯᠪᠡᠷ ᠪᠤᠰᠤ ᠪᠠᠷ ᠣᠯᠣᠭᠰᠠᠨ ᠰᠠᠶᠢᠨ ᠠᠮᠵᠢᠯᠲᠠ ᠪᠠᠨ ᠬᠤᠪᠢ ᠲᠠᠬᠢᠨ ᠨᠠᠨᠳᠢᠩᠨᠠᠵᠤ᠂ ᠥᠭᠡᠳᠡᠯᠡᠨ ᠲᠠᠪᠰᠢᠬᠤ | ᠰᠠᠶᠢᠨ ᠬᠠᠨᠳᠤᠰᠢ ᠶᠢ ᠴᠢᠷᠮᠠᠶᠢᠨ ᠪᠠᠲᠤᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ | ᠳᠣᠣᠷ᠎ᠠ ᠬᠠᠭᠠᠰ ᠵᠢᠯ ᠤᠨ ᠠᠵᠢᠯ ᠢᠶᠠᠨ ᠨᠡᠩ ᠰᠠᠶᠢᠨ ᠬᠢᠬᠦ ᠬᠡᠷᠡᠭᠲᠡᠢ ᠭᠡᠪᠡ᠃ | ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠣᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠭᠦᠩ ᠵᠢᠶᠠᠨ᠂ ᠵᠣᠣ ᠭᠦᠸᠧ ᠬᠤᠸᠠ 2 ᠨᠥᠬᠦᠷ ᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ | ᠠᠴᠠ ᠪᠠᠭᠤᠯᠭᠠᠬᠤ ᠪᠠᠷ ᠲᠣᠭᠲᠠᠪᠠ᠃ | ᠪᠦᠬᠦᠳᠡ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠳᠠᠭᠠᠭᠤᠯᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ | ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠬᠤᠶᠠᠷ ᠶᠡᠭᠡ ᠶᠠᠪᠤᠳᠠᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |