︵ᠬᠤᠶᠠᠳᠤᠭᠠᠷ ᠡᠭᠡᠯᠵᠢ ᠶᠢᠨ 8 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ︶ | ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ 8 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ ᠴᠡᠭᠴᠡᠯᠡᠨ | ᠰᠠᠶᠢᠵᠢᠷᠠᠭᠤᠯᠤᠭᠰᠠᠨ ᠪᠥᠭᠡᠳ ᠰᠢᠯᠭᠠᠨ ᠠᠪᠬᠤ ᠶᠢ ᠥᠩᠭᠡᠷᠡᠭᠡᠵᠦ᠂ ᠲᠡᠰ ᠳᠠᠷᠠᠭᠠᠯᠠᠯ ᠶᠣᠰᠣᠭᠠᠷ ᠬᠦᠴᠦᠨ ᠦᠭᠡᠢ | ᠪᠤᠯᠭᠠᠬᠤ ᠪᠠᠷ ᠲᠥᠯᠥᠪᠯᠡᠵᠦ ᠪᠤᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠯᠭᠠᠨ ᠬᠤᠷᠢᠶᠠᠵᠤ ᠬᠦᠴᠦᠨ ᠦᠭᠡᠢ ᠪᠤᠯᠭᠠᠬᠤ ᠠᠷᠭ᠎ᠠ︾ ᠶᠢᠨ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠣᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 8 ᠳ᠋ᠤᠭᠠᠷ ᠰᠠᠷ᠎ᠠ ᠶᠢᠨ 3 ᠤ | ᠡᠳᠦᠷ ᠠᠴᠠ 8 ᠳ᠋ᠤᠭᠠᠷ ᠰᠠᠷ᠎ᠠ ᠶᠢᠨ 16 ᠤ ᠡᠳᠦᠷ ᠪᠣᠯᠣᠨ᠎ᠠ᠃ | ᠬᠠᠷᠢᠯᠴᠠᠬᠤ ᠤᠲᠠᠰᠤ᠄ 0471-6659212 | ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ 5 ᠳ᠋ᠤᠭᠠᠷ ᠨᠣᠮᠧᠷ | ᠳᠠᠭᠠᠯᠳᠤᠭᠤᠯᠤᠯ᠄ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ 8 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠪᠡᠶᠡᠯᠡᠬᠦᠯᠦᠭᠰᠡᠨ ᠪᠠᠶᠢᠳᠠᠯ | | | ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠬᠤ 8 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ | | ᠴᠡᠭᠴᠡᠯᠡᠨ ᠰᠠᠶᠢᠵᠢᠷᠠᠭᠤᠯᠬᠤ ᠡᠭᠦᠷᠭᠡ᠄ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ 8 ᠳ᠋ᠤᠭᠠᠷ ᠵᠦᠢᠯ ᠤᠨ ᠴᠡᠭᠴᠡᠯᠡᠨ ᠰᠠᠶᠢᠵᠢᠷᠠᠭᠤᠯᠬᠤ | ᠡᠭᠦᠷᠭᠡ᠄ ︽13 · 5︾ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ ᠤᠷᠤᠨ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠵᠦ ᠳᠡᠶᠢᠯᠦᠭᠰᠡᠨ ᠦᠭᠡᠢ᠂ | ᠤᠯᠤᠰ ᠠᠴᠠ 14% ᠪᠠᠷ ᠪᠠᠭᠤᠷᠠᠭᠤᠯᠬᠤ ᠪᠠᠷ ᠱᠠᠭᠠᠷᠳᠠᠵᠤ᠂ ᠪᠤᠳᠠᠳᠠᠢ ᠳᠤ 16.7% ᠪᠠᠷ ᠳᠡᠭᠡᠭᠰᠢᠯᠡᠪᠡ᠃ 12 | ᠠᠶᠢᠮᠠᠭ ᠬᠤᠲᠠ ᠴᠥᠮ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ᠬᠠᠷᠠᠯᠲᠠ ᠪᠠᠨ | ᠪᠡᠶᠡᠯᠡᠭᠦᠯᠦᠭᠰᠡᠨ ᠦᠭᠡᠢ᠂ ᠡᠭᠦᠨ ᠳᠤ 6 ᠠᠶᠢᠮᠠᠭ ᠬᠤᠲᠠ ᠨᠢ ᠪᠠᠭᠤᠷᠠᠭᠰᠠᠨ ᠦᠭᠡᠢ ᠮᠥᠷᠲᠡᠭᠡᠨ ᠭᠡᠳᠡᠷᠭᠦ ᠪᠠᠨ | ᠳᠡᠭᠡᠭᠰᠢᠯᠡᠵᠦ᠂ ᠣᠷᠳᠣᠰ ᠬᠤᠲᠠ᠂ ᠤᠯᠠᠭᠠᠨᠴᠠᠪ ᠬᠤᠲᠠ ᠲᠣᠰ ᠲᠣᠰ 76%᠂ 52% ᠢᠶᠠᠷ ᠳᠡᠭᠡᠭᠰᠢᠯᠡᠪᠡ᠃ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ︵ᠵᠠᠬᠢᠷᠭ᠎ᠠ︶ | ᠴᠡᠭᠴᠡᠯᠡᠨ ᠰᠠᠶᠢᠵᠢᠷᠠᠭᠤᠯᠬᠤ ᠬᠠᠷᠠᠯᠲᠠ᠄ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠠᠬᠢᠴᠠ ᠶᠢᠨ | ᠶᠣᠰᠣᠭᠠᠷ ᠵᠣᠬᠢᠰᠲᠠᠢ ᠣᠷᠣᠨ ᠵᠠᠢ ᠳᠤ ᠬᠢᠵᠠᠭᠠᠷᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠡᠭᠦᠷᠭᠡ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ | ︵ᠨᠢᠭᠡ︶ ᠡᠨᠧᠷᠭᠢ ᠶᠢᠨ ᠬᠤᠷᠣᠭᠳᠠᠯ ᠤᠨ ᠬᠤᠶᠠᠷ ᠢ ᠡᠵᠡᠮᠳᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ | ᠃ 2022 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ | ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ ᠬᠠᠷᠢᠮᠠᠬᠠᠢ ᠴᠢᠨᠠᠷᠲᠠᠢ ᠬᠠᠮᠢᠶᠠᠷᠬᠤ︾ | ᠱᠠᠭᠠᠷᠳᠠᠯᠭ᠎ᠠ ᠶᠣᠰᠣᠭᠠᠷ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ | ᠬᠢᠵᠠᠭᠠᠷᠯᠠᠬᠤ ᠴᠢᠨᠠᠷᠲᠠᠢ ᠬᠠᠮᠢᠶᠠᠷᠤᠯᠲᠠ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ | ᠬᠡᠮᠵᠢᠶ᠎ᠡ ᠶᠢᠨ ᠬᠠᠮᠢᠶᠠᠷᠤᠯᠲᠠ ᠶᠢᠨ ᠬᠠᠷᠢᠮᠠᠬᠠᠢ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ | ᠳᠦᠷᠢᠮ ᠳᠤ ᠥᠭᠡᠷᠡᠴᠢᠯᠡᠯᠲᠡ ᠬᠢᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠬᠡᠪ ᠳᠠᠭᠤᠷᠢᠶᠠᠯ ᠢᠶᠠᠷ ᠬᠥᠲᠥᠯᠥᠨ ᠵᠢᠯᠤᠭᠤᠳᠬᠤ ᠲᠣᠭᠲᠠᠴᠠ ᠶᠢ ᠪᠠᠶᠢᠭᠤᠯᠤᠨ᠂ ᠲᠥᠷᠥᠯ | ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠢᠨᠠᠨ ᠬᠠᠷᠭᠤᠭᠤᠯᠵᠤ ᠦᠨᠡᠯᠡᠨ ᠵᠢᠱᠢᠬᠦ ᠶᠢ | ᠴᠢᠩᠭᠠᠷᠠᠭᠤᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠡᠬᠡᠲᠡᠢ ᠲᠥᠷᠥᠯ ᠵᠦᠢᠯ ᠤᠨ ᠨᠥᠯᠥᠭᠡ ᠶᠢ | ᠪᠦᠲᠦᠮᠵᠢᠲᠡᠶ ᠠᠷᠢᠯᠭᠠᠵᠤ᠂ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠭᠠᠵᠠᠷ | ᠣᠷᠣᠨ ᠤ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ | ᠲᠡᠩᠴᠡᠭᠦᠷᠢᠲᠡᠢ ᠪᠠᠶᠢᠯᠭᠠᠬᠤ ᠪᠠᠷ ᠭᠤᠣᠯ ᠪᠣᠯᠭᠠᠭᠰᠠᠨ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ | ᠳᠦᠷᠢᠮ ᠢ ᠲᠣᠬᠢᠷᠠᠭᠤᠯᠤᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠶᠢ ᠤᠷᠮᠠᠰᠢᠭᠤᠯᠤᠨ ᠬᠢᠵᠠᠭᠠᠷᠯᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠬᠤᠶᠠᠷ︶ ᠡᠨᠧᠷᠭᠢ ᠶᠢᠨ ᠬᠤᠷᠣᠭᠳᠠᠯ ᠤᠨ ᠡᠬᠢ ᠡᠭᠦᠰᠦᠯ ᠠᠴᠠ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ | ᠃ 2022 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠬᠤᠶᠠᠷ ᠥᠨᠳᠥᠷ﹀ ᠲᠥᠷᠥᠯ ᠵᠦᠢᠯ ᠤᠨ ᠳᠣᠣᠷ᠎ᠠ ᠬᠢᠷᠢ ᠲᠦᠪᠰᠢᠨ ᠤ ᠰᠣᠬᠤᠷ ᠪᠠᠯᠠᠢ ᠪᠠᠷ | ᠬᠥᠭᠵᠢᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠢ ᠲᠣᠭᠲᠠᠭᠠᠨ᠎ᠠ᠃ ︽ᠬᠤᠶᠠᠷ ᠥᠨᠳᠥᠷ︾ | ᠲᠥᠷᠥᠯ ᠵᠦᠢᠯ ᠤᠨ ᠠᠵᠤ ᠦᠢᠯᠡᠰ ᠤᠨ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠤ᠂ ᠤᠯᠠᠮᠵᠢᠯᠠᠯᠲᠤ | ᠳᠣᠣᠷ᠎ᠠ ᠲᠠᠰ ᠤᠨ ︽ᠬᠤᠶᠠᠷ ᠥᠨᠳᠥᠷ︾ ᠠᠵᠢᠯ ᠲᠥᠷᠥᠯ ᠤᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠤᠨ | ᠴᠢᠳᠠᠪᠤᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ︵ᠭᠤᠷᠪᠠ︶ ᠠᠶᠢᠮᠠᠭ ᠬᠤᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ | ᠠᠶᠢᠮᠠᠭ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠵᠢᠴᠢ ᠣᠨ ᠤ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢ ᠪᠠᠭᠤᠷᠠᠭᠤᠯᠬᠤ ᠬᠠᠷᠠᠯᠲᠠ ᠡᠭᠦᠷᠭᠡ ᠶᠢ ᠬᠤᠪᠢᠶᠠᠷᠢᠯᠠᠨ ᠪᠠᠭᠤᠯᠭᠠᠵᠤ᠂ ᠡᠨᠧᠷᠭᠢ ᠶᠢᠨ ᠬᠤᠷᠣᠭᠳᠠᠯ | ᠤᠨ ᠬᠦᠴᠦᠯᠡᠴᠡ ᠪᠠᠷ ᠥᠨᠳᠥᠷ ᠣᠷᠳᠣᠰ ᠬᠤᠳᠠ᠂ ᠤᠯᠠᠭᠠᠨᠴᠠᠪ ᠬᠤᠳᠠ᠂ ᠦᠬᠠᠢ ᠬᠤᠳᠠ᠂ ᠠᠯᠠᠱᠠ ᠠᠶᠢᠮᠠᠭ᠂ | ᠲᠦᠩᠯᠢᠶᠣᠣ ᠬᠤᠳᠠ ᠵᠡᠷᠭᠡ ᠠᠶᠢᠮᠠᠭ ᠬᠤᠳᠠ ᠳᠤ ᠨᠡᠩ ᠴᠢᠩᠭ᠎ᠠ ᠡᠨᠧᠷᠭᠢ ᠶᠢᠨ ᠬᠤᠷᠣᠭᠳᠠᠯ ᠤᠨ ᠬᠠᠷᠠᠯᠲᠠ | ᠡᠭᠦᠷᠭᠡ ᠶᠢ ᠲᠣᠭᠲᠠᠭᠠᠨ᠎ᠠ᠃2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠡᠯ᠎ᠡ ᠠᠶᠢᠮᠠᠭ | ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠰᠢᠯᠭᠠᠨ | ᠬᠢᠨᠠᠬᠤ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠡᠯ᠎ᠡ ᠠᠶᠢᠮᠠᠭ ᠬᠤᠲᠠ ᠳᠤ ︽ᠣᠨ ᠤ ᠦᠨᠡᠯᠡᠯᠲᠡ᠂ ᠳᠤᠮᠳᠠ | ᠬᠤᠭᠤᠴᠠᠭᠠᠨ ᠤ ᠦᠨᠡᠯᠡᠯᠲᠡ᠂ ᠲᠠᠪᠤᠨ ᠵᠢᠯ ᠤᠨ ᠰᠢᠯᠭᠠᠨ ᠬᠢᠨᠠᠬᠤ︾ ᠶᠢ ᠬᠡᠷᠡᠭᠵᠢᠭᠦᠯᠦᠨ᠎ᠡ᠃ ᠡᠨᠧᠷᠭᠢ ᠶᠢᠨ | ᠬᠤᠷᠣᠭᠳᠠᠯ ᠤᠨ ᠠᠵᠢᠯᠯᠠᠭᠠᠨ ᠤ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠰᠡᠷᠡᠮᠵᠢᠯᠡᠭᠦᠯᠦᠨ ᠰᠠᠨᠠᠭᠤᠯᠬᠤ ᠶᠢ | ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠲᠠᠰ ᠢᠶᠠᠷ ᠥᠨᠳᠥᠷ ᠭᠠᠵᠠᠷ ᠣᠷᠣᠨ ᠳᠤ ᠴᠣᠩᠬᠤ ᠪᠠᠷ | ᠵᠢᠯᠤᠭᠤᠳᠬᠤ ᠶᠢ ᠴᠢᠩᠭᠠᠳᠬᠠᠨ᠎ᠠ᠃ ︵ᠳᠥᠷᠪᠡ︶ ᠡᠨᠧᠷᠬᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ | ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠲᠣᠰ ᠭᠠᠵᠠᠷ ᠣᠷᠣᠨ ᠤ ᠪᠠᠨ ᠡᠨᠧᠷᠭᠢ ᠠᠷᠪᠢᠯᠠᠬᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ | ᠡᠭᠦᠷᠭᠡᠯᠡᠵᠦ᠂ ᠵᠠᠰᠠᠭ ᠤᠨ ᠣᠷᠳᠣᠨ᠂ ᠵᠠᠬᠢᠷᠭ᠎ᠠ ᠶᠢᠨ ᠭᠤᠣᠯ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ | ᠪᠣᠯᠣᠨ᠎ᠠ᠃ ᠡᠯ᠎ᠡ ᠠᠶᠢᠮᠠᠭ ᠬᠤᠳᠠ ᠤᠳ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠤᠰ ᠭᠠᠵᠠᠷ ᠣᠷᠣᠨ ᠤ ᠪᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠬᠢ ᠠᠷᠪᠢᠯᠠᠬᠤ ᠲᠤᠰᠬᠠᠢ ᠵᠦᠢᠯ | ᠤᠨ ᠲᠥᠯᠦᠪᠵᠢᠭᠦᠯᠭᠡ ᠪᠤᠶᠤ ᠠᠵᠢᠯ ᠤᠨ ᠲᠥᠰᠥᠯ ᠢ ᠲᠣᠭᠲᠠᠭᠠᠨ ᠨᠡᠶᠢᠲᠡᠯᠡᠬᠦ ᠶᠢᠨ ᠬᠠᠮᠲᠤ᠂ ᠵᠢᠯ ᠬᠤᠪᠢᠶᠠᠨ ᠠᠵᠢᠯ | ᠤᠨ ᠲᠥᠯᠥᠪᠯᠡᠭᠡ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠦᠨᠡᠨᠬᠦ ᠰᠠᠶᠢᠲᠤᠷ ᠠᠳᠬᠤᠵᠤ᠂ ᠭᠠᠵᠠᠷ | ᠣᠷᠣᠨ ᠤ ᠡᠨᠧᠷᠬᠢ ᠬᠤᠷᠣᠭᠳᠠᠭᠤᠯᠬᠤ ᠬᠦᠴᠦᠯᠡᠴᠡ ᠶᠢ ᠠᠬᠢᠴᠠ ᠪᠠᠷ ᠨᠢ ᠵᠦᠢ ᠵᠣᠬᠢᠰᠲᠠᠢ ᠣᠷᠣᠨ ᠵᠠᠢ ᠳᠤ | ᠬᠢᠵᠠᠭᠠᠷᠯᠠᠬᠤ ᠶᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠡᠨᠧᠷᠬᠢ ᠬᠤᠷᠣᠭᠳᠠᠭᠤᠯᠬᠤ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢᠨ | ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠪᠡᠶᠡᠯᠡᠭᠦᠯᠦᠭᠰᠡᠨ ᠪᠠᠶᠢᠳᠠᠯ᠄ | ︵ᠨᠢᠭᠡ︶ ᠡᠨᠧᠷᠭᠢ ᠶᠢᠨ ᠬᠤᠷᠣᠭᠳᠠᠯ ᠤᠨ ᠬᠤᠶᠠᠷ ᠢ ᠡᠵᠡᠮᠳᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ | ᠃ 2022 ᠣᠨ ᠤ 7 ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠶᠡᠷᠦᠩᠬᠡᠢ ᠬᠡᠮᠵᠢᠶ᠎ᠡ ᠶᠢᠨ ᠬᠤᠶᠠᠷ ᠢ ᠡᠵᠡᠮᠳᠡᠬᠦ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ︾ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ︽ᠴᠢᠨᠠᠷ | ᠰᠠᠶᠢᠲᠠᠢ ᠬᠥᠭᠵᠢᠯᠲᠡ ᠶᠢᠨ ᠲᠤᠬᠠᠢ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ | ᠲᠣᠭᠤᠷᠢᠨ ᠤ ᠪᠡᠯᠡ ᠮᠥᠩᠭᠦ ᠥᠰᠥᠭ ﹇2022﹈ 1043 ᠳ᠋ᠤᠭᠠᠷ ᠲᠣᠭᠠᠲᠤ︶ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠪᠠᠷᠢᠮᠵᠢᠶ᠎ᠠ ᠬᠡᠮᠵᠢᠭᠳᠡᠯ ᠤᠨ ᠲᠥᠷᠥ ᠶᠢᠨ ᠪᠣᠳᠣᠯᠭ᠎ᠠ ᠵᠡᠷᠭᠡ ᠠᠯᠢ ᠣᠯᠠᠨ ᠲᠥᠷᠥ ᠶᠢᠨ | ᠪᠣᠳᠣᠯᠭ᠎ᠠ ᠶᠢᠨ ᠲᠣᠭᠲᠠᠴᠠ ᠶᠢ ᠪᠠᠶᠢᠭᠤᠯᠵᠤ᠂ ᠡᠯ᠎ᠡ ᠠᠶᠢᠮᠠᠭ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠳᠤ ᠴᠢᠭᠯᠡᠭᠦᠯᠦᠨ᠂ ︽ᠨᠢᠭᠡ ᠬᠤᠲᠠ ︵ᠠᠶᠢᠮᠠᠭ︶ | ᠳᠤ ᠨᠢᠭᠡ ᠪᠣᠳᠣᠯᠭ᠎ᠠ︾ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠪᠠᠷᠢᠮᠵᠢᠶ᠎ᠠ ᠬᠡᠮᠵᠢᠭᠳᠡᠯ ᠢ ᠲᠣᠬᠢᠷᠠᠭᠤᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ | ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠶᠢ ᠵᠦᠢ ᠵᠣᠬᠢᠰᠲᠠᠢ ᠪᠠᠲᠤᠯᠠᠪᠠ᠃ | ︵ᠬᠤᠶᠠᠷ︶ ᠡᠨᠧᠷᠭᠢ ᠶᠢᠨ ᠬᠤᠷᠣᠭᠳᠠᠯ ᠤᠨ ᠡᠬᠢ ᠡᠭᠦᠰᠦᠯ ᠠᠴᠠ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ | ᠃ 2022 ᠣᠨ ᠤ 7 ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠠᠮᠢ | ᠠᠬᠤᠢ ᠶᠢᠨ ᠣᠷᠴᠢᠨ ᠲᠣᠭᠤᠷᠢᠨ ᠤ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠬᠤᠶᠠᠷ ᠥᠨᠳᠥᠷ﹀ ᠲᠥᠷᠥᠯ ᠵᠦᠢᠯ ᠤᠨ ᠳᠣᠣᠷ᠎ᠠ ᠬᠢᠷᠢ ᠲᠦᠪᠰᠢᠨ ᠤ ᠰᠣᠬᠤᠷ ᠪᠠᠯᠠᠢ ᠪᠠᠷ | ᠬᠥᠭᠵᠢᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ | ᠣᠷᠴᠢᠨ ᠲᠣᠭᠤᠷᠢᠨ ᠤ ᠪᠡᠯᠡ ᠮᠥᠩᠭᠦ ﹇2022﹈ 1127 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ | ᠬᠤᠶᠠᠷ ᠥᠨᠳᠥᠷ︾ ᠲᠥᠷᠥᠯ ᠵᠦᠢᠯ ᠢ ᠠᠵᠤ ᠦᠢᠯᠡᠰ ᠲᠤ ᠵᠥᠪᠰᠢᠶᠡᠷᠡᠨ ᠣᠷᠣᠭᠤᠯᠬᠤ᠂ ᠰᠢᠭᠰᠢᠭᠳᠡᠭᠦᠯᠵᠦ | ᠭᠠᠷᠭᠠᠬᠤ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠥᠷᠪᠡᠨ ᠲᠠᠯ᠎ᠠ ᠠᠴᠠ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠢ ᠨᠠᠷᠢᠯᠢᠭᠵᠢᠭᠤᠯᠵᠤ᠂ ︽ᠬᠤᠶᠠᠷ ᠲᠡᠷᠢᠭᠦᠨ ᠤ︾᠂ ︽ | ᠬᠤᠶᠠᠷ ᠬᠡᠪ ᠳᠠᠭᠤᠷᠢᠶᠠᠯ︾ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ | ︵ᠭᠤᠷᠪᠠ︶ ᠠᠶᠢᠮᠠᠭ ᠬᠤᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ︵ᠥᠪᠥᠷ | ᠵᠠᠰᠠᠭ ᠲᠠᠷᠬᠠᠭᠠᠭᠰᠠᠨ〔2022〕17 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ | ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠬᠤᠷᠤᠭᠳᠠᠭᠤᠯᠬᠤ ᠡᠷᠴᠢᠮ ᠢ ᠪᠠᠭᠤᠷᠠᠭᠤᠯᠬᠤ | ᠬᠠᠷᠠᠯᠲᠠ ᠡᠭᠦᠷᠭᠡ ᠶᠢ ᠬᠤᠪᠢᠶᠠᠷᠢᠯᠠᠨ ᠪᠠᠭᠤᠯᠭᠠᠭᠰᠠᠨ ᠤ ᠬᠠᠮᠲᠤ᠂ ᠡᠯ᠎ᠡ ᠠᠶᠢᠮᠠᠭ ᠬᠤᠳᠠ ᠶᠢᠨ ᠡᠨᠧᠷᠭᠢ ᠶᠢᠨ | ᠬᠤᠷᠣᠭᠳᠠᠯ ᠤᠨ ᠡᠷᠴᠢᠮ ᠢ ᠪᠠᠭᠤᠷᠠᠭᠤᠯᠬᠤ ᠣᠨ ᠤ ᠬᠠᠷᠠᠯᠲᠠ ᠡᠭᠦᠷᠭᠡ ᠶᠢ ᠪᠠᠭᠤᠯᠭᠠᠪᠠ᠃ ︽ᠡᠯ᠎ᠡ ᠠᠶᠢᠮᠠᠭ | ᠬᠤᠳᠠ ᠶᠢᠨ ᠵᠠᠰᠠᠭ ᠤᠨ ᠣᠷᠳᠣᠨ ︵ᠵᠠᠰᠠᠭ ᠵᠠᠬᠢᠷᠭᠠᠨ ᠤ ᠵᠠᠬᠢᠷᠭ᠎ᠠ︶ ᠤ ︿ᠠᠷᠪᠠᠨ ᠳᠥᠷᠪᠡᠳᠦᠭᠡᠷ ᠲᠠᠪᠤᠨ ᠵᠢᠯ﹀ | ᠤᠨ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠬᠤ ᠬᠡᠷᠡᠭᠵᠢᠭᠦᠯᠬᠦ ᠲᠥᠰᠥᠯ︾ ︵ | ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠥᠰᠥᠭ ﹇2022﹈ 1546 | ᠳ᠋ᠤᠭᠠᠷ ᠲᠣᠭᠠᠲᠤ︶ ᠶᠢ ᠲᠣᠭᠲᠠᠭᠠᠵᠤ᠂ ᠡᠯ᠎ᠡ ᠠᠶᠢᠮᠠᠭ ᠬᠤᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠡᠨᠧᠷᠭᠢ ᠠᠷᠪᠢᠯᠠᠬᠤ ᠬᠠᠷᠠᠯᠲᠠ ᠳᠤ ︽ᠣᠨ ᠤ ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠯᠲᠡ᠂ ᠲᠠᠪᠤᠨ ᠵᠢᠯ | ᠤᠨ ᠬᠢᠨᠠᠨ ᠰᠢᠯᠭᠠᠯᠲᠠ︾ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠪᠠ᠃ | ︽ᠡᠯ᠎ᠡ ᠠᠶᠢᠮᠠᠭ ᠬᠤᠳᠠ ᠶᠢᠨ ᠡᠨᠧᠷᠬᠢ ᠠᠷᠪᠢᠯᠠᠭᠰᠠᠨ ᠪᠠᠶᠢᠳᠠᠯ ᠤᠨ ᠮᠡᠳᠡᠭᠡ︾ ᠶᠢ ᠲᠣᠭᠲᠠᠮᠠᠯ | ᠬᠤᠭᠤᠴᠠᠭ᠎ᠠ ᠲᠠᠢ ᠪᠠᠷ ᠳᠣᠷᠣᠭᠰᠢ ᠪᠠᠭᠤᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠬᠢ ᠬᠤᠷᠣᠭᠳᠠᠭᠤᠯᠬᠤ ᠡᠷᠴᠢᠮ ᠤᠨ ᠬᠠᠷᠠᠯᠲᠠ ᠶᠢ ᠪᠡᠶᠡᠯᠡᠭᠦᠯᠦᠭᠰᠡᠨ | ᠠᠬᠢᠴᠠ ᠨᠢ ᠤᠳᠠᠭᠠᠨ ᠪᠠᠶᠢᠭ᠎ᠠ ᠠᠶᠢᠮᠠᠭ ᠬᠤᠳᠠ ᠶᠢ ᠰᠡᠷᠡᠮᠵᠢᠯᠡᠭᠦᠯᠦᠨ ᠰᠠᠨᠠᠭᠤᠯᠵᠤ᠂ ᠪᠡᠶᠡᠯᠡᠭᠦᠯᠦᠭᠰᠡᠨ ᠠᠬᠢᠴᠠ ᠨᠢ | ᠤᠳᠠᠭᠠᠨ ᠪᠠᠶᠢᠭ᠎ᠠ ᠠᠶᠢᠮᠠᠭ ᠬᠤᠳᠠ ᠶᠢᠨ ᠴᠣᠩᠬᠤᠨ ᠤ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ | ︵ᠳᠥᠷᠪᠡ︶ ᠡᠨᠧᠷᠬᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ | 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ ᠤᠳ | ᠲᠣᠰ ᠭᠠᠵᠠᠷ ᠣᠷᠣᠨ ᠤ ᠪᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠬᠤ ᠲᠥᠯᠦᠪᠵᠢᠭᠦᠯᠭᠡ | ᠪᠤᠶᠤ ᠠᠵᠢᠯ ᠤᠨ ᠲᠥᠰᠥᠯ ᠢ ᠪᠦᠬᠦᠨ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ 2021 ︱ 2022 ᠣᠨ ᠳᠤ | ᠂ ᠤᠯᠤᠰ ᠤᠨ ᠰᠢᠯᠭᠠᠨ ᠬᠢᠨᠠᠬᠤ ᠪᠠᠷᠢᠮᠵᠢᠶ᠎ᠠ ᠪᠠᠷ᠂ ᠪᠥᠬᠦ ᠣᠷᠣᠨ ᠤ ᠨᠢᠭᠡᠴᠢ GDP ᠶᠢᠨ ᠡᠨᠧᠷᠭᠢ ᠶᠢᠨ | ᠬᠤᠷᠣᠭᠳᠠᠯ ᠤᠨ ᠨᠡᠶᠢᠲᠡ ᠪᠠᠭᠤᠷᠠᠯᠲᠠ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠤ ᠡᠨᠧᠷᠭᠢ ᠠᠷᠪᠢᠯᠠᠬᠤ ᠠᠬᠢᠴᠠ ᠶᠢᠨ ᠬᠠᠷᠠᠯᠲᠠ ᠠᠴᠠ ᠳᠠᠪᠠᠪᠠ᠃ ᠡᠯ᠎ᠡ ᠠᠶᠢᠮᠠᠭ ᠬᠤᠳᠠ ᠶᠢᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠬᠤ | ᠬᠠᠷᠠᠯᠲᠠ ᠶᠢ ᠪᠡᠶᠡᠯᠡᠭᠦᠯᠦᠭᠰᠡᠨ ᠠᠬᠢᠴᠠ ᠨᠢ ᠴᠥᠮ 40% ᠠᠴᠠ ᠳᠡᠭᠡᠭᠰᠢ ᠳᠤ ᠬᠦᠷᠴᠦ᠂ ᠲᠤᠰ ᠡᠭᠦᠷᠭᠡ ᠶᠢ | ᠨᠢᠭᠡᠨᠲᠡ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠵᠦ᠂ ᠴᠡᠭᠴᠡᠯᠡᠨ | ᠰᠠᠶᠢᠵᠢᠷᠠᠭᠤᠯᠬᠤ ᠶᠢ ᠨᠢᠭᠡᠨᠲᠡ ᠪᠡᠶᠡᠯᠡᠭᠦᠯᠪᠡ᠃ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | | | | | |