︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠪᠡᠯᠡ | ᠣᠷᠣᠭᠤᠯᠤᠯᠲᠠ ﹇2012﹈ 2492 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶﹀ | ᠵᠡᠷᠭᠡ ᠳᠥᠷᠪᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ | ᠲᠣᠭᠲᠠᠭᠤᠨ ᠲᠠᠷᠬᠠᠭᠠᠭᠰᠠᠨ ﹇2016﹈ 1 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ | ᠦᠨᠳᠦᠰᠦᠯᠡᠵᠦ᠂ ᠡᠳᠦᠭᠡ ᠲᠥᠮᠥᠰᠦ ᠪᠣᠯᠪᠠᠰᠤᠷᠠᠭᠤᠯᠬᠤ ᠲᠥᠷᠥᠯ ᠵᠦᠢᠯ ᠤᠨ ᠢᠵᠢ ᠪᠦᠷᠢᠳᠦᠭᠰᠡᠨ ᠲᠥᠮᠥᠰᠥᠨ ᠤ | ᠬᠥᠮᠥᠷᠭᠡ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠲᠥᠮᠥᠰᠦ ᠪᠤᠯᠪᠠᠰᠤᠷᠠᠭᠤᠯᠬᠤ ᠲᠥᠷᠥᠯ ᠵᠦᠢᠯ ᠤᠨ ᠢᠵᠢ ᠪᠦᠷᠢᠳᠦᠭᠦᠯᠬᠦ | ᠬᠥᠮᠥᠷᠭᠡ | 2. ᠪᠦᠲᠦᠭᠡᠨ ᠪᠠᠶᠢᠭᠤᠯᠬᠤ ᠭᠠᠵᠠᠷ᠄ ᠤᠯᠠᠭᠠᠨᠴᠠᠪ ᠬᠤᠲᠠ ᠶᠢᠨ ᠴᠠᠬᠠᠷ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠵᠧᠨ ᠰᠢᠩ ᠶᠡᠭᠡ ᠵᠡᠭᠡᠯᠢ ᠶᠢᠨ ᠡᠮᠦᠨ᠎ᠡ ᠲᠠᠯ᠎ᠠ ᠶᠢᠨ ᠪᠠ ᠱᠧᠩ ᠵᠠᠮ ᠤᠨ ᠵᠡᠭᠦᠨ ᠲᠠᠯ᠎ᠠ | 3. ᠪᠦᠲᠦᠭᠡᠨ ᠪᠠᠶᠢᠭᠤᠯᠬᠤ ᠬᠡᠪᠴᠢᠶ᠎ᠡ ᠬᠢᠭᠡᠳ ᠠᠭᠤᠯᠭ᠎ᠠ᠄ | ᠲᠣᠰ ᠲᠥᠷᠥᠯ ᠵᠦᠢᠯ ᠤᠨ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠶ ᠨᠢ 79000 ᠲᠡᠭᠰᠢ ᠳᠥᠷᠪᠡᠯᠵᠢᠨ | ᠮᠧᠲᠷ᠂ ᠪᠦᠲᠦᠭᠡᠨ ᠪᠠᠶᠢᠭᠤᠯᠬᠤ ᠲᠠᠯᠠᠪᠠᠶ ᠨᠢ ᠪᠠᠷᠤᠭ 36000 ᠲᠡᠭᠰᠢ ᠳᠥᠷᠪᠡᠯᠵᠢᠨ ᠮᠧᠲᠷ ᠪᠣᠯᠣᠨ᠎ᠠ᠃ | ᠪᠦᠲᠦᠭᠡᠨ ᠪᠠᠶᠢᠭᠤᠯᠬᠤ ᠠᠭᠤᠯᠭ᠎ᠠ᠄ 6 ᠲᠦᠭᠦᠬᠡᠢ ᠮᠠᠲ᠋ᠧᠷᠢᠶᠠᠯ ᠤᠨ ᠬᠥᠮᠥᠷᠭᠡ ᠵᠢᠴᠢ ᠢᠵᠢ ᠪᠦᠷᠢᠳᠦᠭᠦᠯᠬᠦ ᠵᠠᠮ ᠪᠠ | ᠪᠣᠷᠣᠭᠠᠨ ᠤ ᠰᠠᠷᠠᠪᠴᠢ᠂ ᠭᠡᠷ ᠤᠨ ᠭᠠᠳᠠᠨᠠᠬᠢ ᠵᠠᠮ ᠵᠢᠴᠢ ᠢᠵᠢ ᠪᠦᠷᠢᠳᠦᠭᠦᠯᠬᠦ ᠦᠢᠯᠡᠳᠪᠦᠷᠢ ᠶᠢᠨ ᠲᠣᠭᠤᠷᠢᠭ ᠤᠨ | ᠬᠠᠮᠢᠶᠠᠷᠤᠯᠲᠠ ᠶᠢᠨ ᠲᠣᠣᠷ᠂ ᠴᠠᠬᠢᠯᠭᠠᠨ ᠬᠠᠩᠭᠠᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠪᠠᠭᠲᠠᠭᠠᠨ᠎ᠠ᠃ | 4. ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠤᠭᠤᠴᠠᠭ᠎ᠠ᠄ 2023 ᠤᠨ ᠤ 6 ᠰᠠᠷ᠎ᠠ ᠠᠴᠠ 2024 ᠤᠨ ᠤ | 12 ᠰᠠᠷ᠎ᠠ | 5. ᠶᠡᠷᠦᠩᠬᠡᠢ ᠪᠡᠯᠡ ᠣᠷᠣᠭᠤᠯᠤᠯᠲᠠ᠄ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 37548. | 5 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢ ᠠᠵᠤ ᠠᠬᠤᠶᠢᠯᠠᠯ ᠤᠨ ᠬᠢᠨ ᠦᠪᠡᠷᠳᠡᠭᠡᠨ ᠴᠤᠭᠯᠠᠭᠤᠯᠤᠨ᠎ᠠ᠃ | ᠬᠤᠶᠠᠷ᠂ ᠣᠯᠠᠨ ᠨᠡᠶᠢᠲᠡ ᠶᠢᠨ ᠰᠠᠨᠠᠯ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ | ᠣᠯᠠᠨ ᠨᠡᠶᠢᠲᠡ ᠶᠢᠨ ᠰᠠᠨᠠᠯ ᠬᠤᠷᠢᠶᠠᠬᠤ ᠭᠤᠣᠯ ᠵᠦᠢᠯᠡᠰ᠄ | 1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠨᠳᠤᠬᠤ ᠣᠪᠣᠷ | 2. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠡᠬᠦᠰᠴᠦ ᠮᠡᠳᠡᠬᠦ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ | 3. ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ | ᠣᠯᠠᠨ ᠨᠡᠶᠢᠲᠡ ᠶᠢᠨ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ | ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠢ ᠪᠤᠶᠤ ᠦᠨᠡᠯᠡᠬᠦ ᠨᠢᠭᠡᠴᠢ ᠳᠤ ᠬᠠᠷᠢᠭᠤ ᠲᠤᠰᠬᠠᠵᠦ ᠪᠤᠯᠤᠨ᠎ᠠ᠃ | ᠭᠤᠷᠪᠠ᠂ ᠣᠯᠠᠨ ᠨᠡᠶᠢᠳᠡ ᠶᠢᠨ ᠰᠠᠨᠠᠯ ᠰᠠᠨᠠᠭᠤᠯᠭ᠎ᠠ ᠶᠢ ᠬᠤᠷᠢᠶᠠᠵᠦ ᠬᠠᠷᠢᠭᠤ ᠲᠤᠰᠬᠠᠬᠤ ᠠᠷᠭ᠎ᠠ ᠵᠠᠮ᠂ ᠠᠷᠭ᠎ᠠ | ᠮᠠᠶ᠋ᠢᠭ ᠵᠢᠴᠢ ᠬᠤᠭᠤᠴᠠᠭ᠎ᠠ | 1. ᠪᠦᠲᠦᠭᠡᠨ ᠪᠠᠶᠢᠭᠤᠯᠤᠯᠲᠠ ᠶᠢᠨ ᠨᠢᠭᠡᠴᠢ᠄ ᠤᠯᠠᠭᠠᠨᠴᠠᠪ ᠤᠨ ᠯᠠᠨ ᠸᠧᠢ ᠰᠧ ᠳ᠋ᠦᠨ ᠢᠳᠡᠭᠡᠨ ᠤ ᠬᠢᠵᠠᠭᠠᠷᠲᠤ | ᠺᠣᠮᠫᠠᠨᠢ | ᠬᠠᠷᠢᠯᠴᠠᠬᠤ ᠬᠥᠮᠥᠨ᠄ ᠵᠠᠩ ᡁᠢ ᠢ | ᠬᠠᠷᠢᠯᠴᠠᠬᠤ ᠤᠲᠠᠰᠤ᠄ 15247147723 | ᠨᠢᠭᠡᠴᠢ ᠶᠢᠨ ᠬᠠᠶ᠋ᠢᠭ᠄ ᠤᠯᠠᠭᠠᠨᠴᠠᠪ ᠬᠤᠲᠠ ᠶᠢᠨ ᠴᠠᠬᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | 2. ᠦᠨᠡᠯᠡᠨ ᠵᠢᠱᠢᠬᠦ ᠪᠠᠶᠢᠭᠤᠯᠤᠮᠵᠢ᠄ ᠢ ᠲᠧ ᠯᠢ ᠪᠠᠷᠢᠯᠭ᠎ᠠ ᠶᠢᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ | ᠬᠠᠷᠢᠯᠴᠠᠬᠤ ᠬᠥᠮᠥᠨ᠄ ᠲᠢᠶᠠᠨ ᠯᠧᠢ | ᠬᠠᠷᠢᠯᠴᠠᠬᠤ ᠤᠲᠠᠰᠤ᠄ 18698441246 | ᠰᠢᠤᠳᠠᠨ ᠬᠠᠶᠢᠷᠴᠠᠭ᠄ 18698441246@163.com | | ᠤᠯᠠᠭᠠᠨᠴᠠᠪ ᠤᠨ ᠯᠠᠨ ᠸᠧᠢ ᠰᠧ ᠳ᠋ᠦᠨ ᠢᠳᠡᠭᠡᠨ ᠤ ᠬᠢᠵᠠᠭᠠᠷᠲᠤ ᠺᠣᠮᠫᠠᠨᠢ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | | | | | | | |