ᠬᠤᠲᠠ ᠶᠢᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2023/8/15
    8 ᠰᠠᠷ᠎ᠠ ᠶᠢᠨ 14 ᠤ ᠡᠳᠦᠷ᠂ ᠬᠤᠳᠠ ᠶᠢᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠶᠠᠷᠢᠯᠴᠠᠨ ᠰᠣᠯᠢᠯᠴᠠᠪᠠ᠃     ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠰᠢᠤᠸᠠᠢ ᠦ᠋ ᠬᠤᠶᠠᠷ ᠲᠠᠯ᠎ᠠ ᠶᠢ ᠲᠥᠯᠥᠭᠡᠯᠡᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠷᠦᠩ ᠶᠣᠣ ᠭᠡᠷ᠎ᠡ ᠲᠣᠭᠲᠠᠬᠤ ᠶᠢ ᠭᠡᠷᠡᠴᠢᠯᠡᠵᠡᠢ᠃     ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠪᠣᠯᠣᠨ ᠮᠠᠨ ᠤ ᠬᠤᠲᠠ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠵᠡᠷᠭᠡ ᠶᠢᠨ ᠲᠣᠭᠤᠷᠢᠨ ᠳᠤ ᠰᠣᠯᠢᠯᠴᠠᠭ᠎ᠠ ᠬᠢᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠬᠤᠲᠠ ᠬᠥᠳᠡᠭᠡ ᠶᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃       ᠵᠥᠪᠯᠡᠯᠴᠡᠭᠡᠷ ᠤᠨ ᠠᠭᠤᠯᠭ᠎ᠠ ᠶᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠬᠤᠲᠠ ᠶᠢᠨ ᠰᠢᠶᠠᠨ᠂ ᠬᠤᠲᠠ ᠶᠢᠨ ᠲᠡᠭᠦᠷᠭᠡ᠂ ᠭᠤᠣᠯᠳᠠᠯᠭ᠎ᠠ ᠲᠠᠢ ᠰᠢᠶᠠᠩ ᠪᠠᠯᠭᠠᠰᠤ ᠵᠢᠴᠢ ᠬᠤᠷᠳᠤᠨ ᠤ ᠵᠠᠰᠠᠮᠠᠯ ᠵᠠᠮ᠂ ᠳᠡᠰ ᠤᠨ ᠵᠠᠰᠠᠮᠠᠯ ᠵᠠᠮ ᠵᠢᠴᠢ ᠭᠤᠣᠯ ᠬᠤᠲᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠮᠠᠨ ᠤ ᠬᠤᠲᠠ ᠶᠢᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠭᠠᠵᠠᠷ ᠣᠷᠣᠨ ᠢ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠠᠬᠢᠭᠤᠯᠵᠤ᠂ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠳᠠᠶᠢᠴᠢᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠩ ᠰᠠᠶᠢᠲᠤᠷ ᠳᠡᠮᠵᠢᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2