| | ᠪᠠᠢ ᠸᠠᠩ ᠵᠢᠶᠠ ᠶᠤᠸᠠᠨ ᠵᠢᠴᠢ ᠪᠠᠢ ᠸᠠᠩ ᠷᠦᠩ ᠴᠧᠩ ᠰᠠᠭᠤᠭᠠᠯᠢ ᠲᠣᠭᠤᠷᠢᠭ ᠤᠨ ᠭᠠᠳᠠᠭᠤᠷᠬᠢ ᠲᠦᠭᠡᠭᠡᠯ | ᠤᠰᠤᠨ ᠤ ᠬᠤᠭᠤᠯᠠᠢ ᠶᠢᠨ ᠲᠣᠣᠷ ᠬᠠᠭᠤᠴᠢᠷᠠᠵᠤ᠂ ᠭᠤᠭᠤᠵᠢᠬᠤ ᠵᠡᠷᠭᠡ ᠠᠰᠠᠭᠤᠳᠠᠯ ᠨᠢ ᠰᠠᠭᠤᠭᠠᠯᠢ ᠠᠷᠠᠳ ᠤᠨ | ᠬᠡᠪ ᠤᠨ ᠠᠮᠢᠳᠤᠷᠠᠯ ᠳᠤ ᠬᠡᠷᠡᠭᠯᠡᠬᠦ ᠤᠰᠤ ᠶᠢ ᠬᠦᠨᠳᠦ ᠨᠣᠴᠢᠲᠠᠢ ᠨᠥᠯᠥᠭᠡᠯᠡᠵᠦ᠂ ᠣᠯᠠᠨ ᠲᠦᠮᠡᠨ ᠤ ᠰᠡᠳᠬᠢᠯ | ᠵᠢᠷᠦᠬᠡ ᠶᠢ ᠰᠢᠮᠰᠢᠷᠡᠭᠦᠯᠬᠦ ᠶᠠᠪᠤᠳᠠᠯ ᠪᠣᠯᠤᠭᠰᠠᠨ ᠪᠠᠶᠢᠨ᠎ᠠ᠃ ᠰᠠᠭᠤᠭᠠᠯᠢ ᠠᠷᠠᠳ ᠤᠨ ᠤᠰᠤ ᠬᠡᠷᠡᠭᠯᠡᠬᠦ ᠳᠤ | ᠬᠦᠴᠢᠷᠲᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠷᠦᠩ ᠽᠧ | ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠥᠪᠡᠰᠦᠪᠡᠨ 300 ᠭᠠᠷᠤᠢ ᠲᠦᠮᠡᠨ | ᠲᠥᠭᠦᠷᠢᠭ ᠤᠨ ᠪᠡᠯᠡ ᠮᠥᠩᠭᠦ ᠴᠤᠭᠯᠠᠭᠤᠯᠤᠭᠰᠠᠨ ᠪᠥᠭᠡᠳ ᠲᠡᠷᠡ ᠳᠠᠷᠤᠢ ᠳᠤᠨᠢ ᠪᠠᠷᠢᠯᠭ᠎ᠠ ᠶᠢᠨ ᠵᠦᠢᠯᠡᠰ ᠤᠨ | ᠬᠡᠯᠲᠡᠰ ᠪᠠᠶᠢᠭᠤᠯᠵᠤ᠂ 8 ᠰᠠᠷ᠎ᠠ ᠶᠢᠨ 6 ᠤ ᠡᠳᠦᠷ ᠠᠴᠠ ᠡᠬᠢᠯᠡᠨ ᠪᠠᠢ ᠸᠠᠩ ᠵᠢᠶᠠ ᠶᠤᠸᠠᠨ ᠰᠠᠭᠤᠭᠠᠯᠢ | ᠲᠣᠭᠤᠷᠢᠭ ᠤᠨ ᠭᠠᠳᠠᠨᠠᠬᠢ ᠬᠤᠲᠠ ᠶᠢᠨ ᠶᠠᠪᠤᠳᠠᠯ ᠤᠨ ᠲᠦᠭᠡᠭᠡᠯ ᠤᠰᠤ ᠬᠠᠩᠭᠠᠬᠤ ᠬᠤᠭᠤᠯᠠᠢ ᠶᠢᠨ ᠲᠣᠣᠷ ᠢ | ᠥᠭᠡᠷᠡᠴᠢᠯᠡᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠠᠰᠠᠭᠤᠳᠠᠯ ᠢ ᠬᠦᠴᠦᠯᠡᠨ | ᠰᠢᠢᠳᠪᠦᠷᠢᠯᠡᠪᠡ᠃ ᠥᠭᠡᠷᠡᠴᠢᠯᠡᠨ ᠵᠠᠰᠠᠬᠤ ᠢᠨᠵᠧᠨᠧᠷᠢᠩ ᠨᠢ ᠺᠠᠩ ᠨᠢᠩ ᠡᠮᠦᠨ᠎ᠡ ᠵᠠᠮ ᠠᠴᠠ ᠪᠠᠢ ᠸᠠᠩ ᠵᠠᠮ | ᠬᠦᠷᠲᠡᠯ᠎ᠡ᠂ ᠵᠢᠱᠢᠯᠲᠡ ᠪᠠᠷ 930 ᠮᠧᠲᠷ ᠤᠨ ᠲᠦᠭᠡᠭᠡᠯ ᠤᠰᠤᠨ ᠤ ᠬᠤᠭᠤᠯᠠᠢ ᠶᠢ ᠳᠡᠪᠢᠰᠴᠦ᠂ ᠪᠠᠷᠢᠯᠭ᠎ᠠ | ᠳᠠᠭᠤᠰᠤᠭᠰᠠᠨ ᠤ ᠳᠠᠷᠠᠭ᠎ᠠ ᠪᠠᠢ ᠸᠠᠩ ᠵᠢᠶᠠ ᠶᠤᠸᠠᠨ C ᠲᠣᠭᠤᠷᠢᠭ᠂ D ᠲᠣᠭᠤᠷᠢᠭ᠂ E ᠲᠣᠭᠤᠷᠢᠭ ᠪᠣᠯᠣᠨ | ᠪᠠᠢ ᠸᠠᠩ ᠷᠦᠩ ᠴᠧᠩ ᠵᠡᠷᠭᠡ ᠳᠥᠷᠪᠡᠨ ᠵᠢᠵᠢᠭ ᠲᠣᠭᠤᠷᠢᠭ ᠤᠨ 4500 ᠡᠷᠦᠬᠡ ᠰᠠᠭᠤᠭᠠᠯᠢ ᠠᠷᠠᠳ ᠲᠤ ᠠᠰᠢᠭ | ᠬᠦᠷᠲᠡᠭᠡᠵᠦ᠂ ᠤᠰᠤᠨ ᠤ ᠬᠡᠮᠵᠢᠶ᠎ᠡ᠂ ᠤᠰᠤᠨ ᠤ ᠳᠠᠷᠤᠯᠲᠠ᠂ ᠤᠰᠤᠨ ᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ 8 ᠰᠠᠷ᠎ᠠ ᠶᠢᠨ ᠰᠡᠭᠦᠯᠴᠢ ᠪᠠᠷ ᠥᠭᠡᠷᠡᠴᠢᠯᠡᠨ ᠵᠠᠰᠠᠬᠤ ᠶᠢ ᠪᠡᠶᠡᠯᠡᠭᠦᠯᠬᠦ ᠪᠠᠷ ᠵᠢᠱᠢᠵᠦ ᠪᠣᠶ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |