ᠮᠠᠨ ᠤ ᠬᠤᠲᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
    8 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷᠴᠤᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯ ᠤᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠠᠵᠢᠯ ᠤᠨ ᠲᠤᠷᠰᠢᠯᠭ᠎ᠠ ᠪᠠᠨ ᠰᠣᠯᠢᠯᠴᠠᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠡᠢ᠃    ᠰᠦᠢ ᠸᠧᠢ ᠵᠢᠶᠦ᠋ᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠢ ᠠᠴᠠ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠠᠴᠠ ᠨᠠᠰᠢᠬᠢ ᠪᠦᠬᠦ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠪᠦᠬᠦ ᠲᠦᠷ ᠴᠠᠭ ᠲᠤᠰᠢᠶᠠᠯ ᠡᠭᠦᠷᠭᠡᠯᠡᠬᠦ ᠨᠥᠬᠦᠳ ᠤᠨ ᠦᠨᠡᠨ ᠰᠡᠳᠬᠢᠯ ᠤᠨ ᠴᠢᠷᠮᠠᠶᠢᠯᠭ᠎ᠠ ᠳᠤ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠵᠡᠢ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠨᠦᠭᠦᠳ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠢᠮᠠᠭᠲᠠ ᠥᠪᠡᠷ ᠤᠨ ᠬᠢᠪᠡᠰᠦ ᠵᠣᠬᠢᠬᠤ ᠠᠵᠢᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠦᠨᠡᠨ ᠬᠦ ᠠᠳᠬᠤᠨ ᠪᠣᠳᠠᠲᠠᠢ ᠪᠠᠷ ᠬᠢᠵᠦ ᠬᠠᠪᠰᠤᠷᠤᠨ᠂ ᠦᠨᠡᠨ ᠰᠡᠳᠬᠢᠯ ᠠᠴᠠ ᠪᠠᠨ ᠲᠡᠳᠬᠦᠨ᠂ ᠦᠨᠡᠨ ᠰᠡᠳᠬᠢᠯ ᠠᠴᠠ ᠪᠠᠨ ᠪᠡᠯᠡ ᠣᠷᠣᠭᠤᠯᠵᠤ᠂ ᠡᠯ᠎ᠡ ᠬᠦᠷᠢᠶᠡᠨ ᠤ ᠠᠵᠢᠯ ᠳᠤ ᠢᠯᠡᠳᠲᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠭᠰᠠᠭᠠᠷ ᠢᠷᠡᠵᠡᠶ ᠭᠡᠪᠡ᠃    ᠰᠦᠢ ᠸᠧᠢ ᠵᠢᠶᠦ᠋ᠨ ᠬᠡᠯᠡᠬᠦ ᠳᠡᠭᠡᠨ᠂ ᠥᠷᠭᠡᠨ ᠤᠯᠠᠨ ᠲᠤᠰᠢᠶᠠᠯ ᠡᠭᠦᠷᠭᠡᠯᠡᠨ ᠠᠵᠢᠯᠯᠠᠵᠤ ᠪᠠᠶᠢᠭ᠎ᠠ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠣᠯᠣᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠣᠯᠣᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠬᠦᠴᠦᠨ ᠢᠶᠠᠨ ᠲᠥᠪᠯᠡᠷᠡᠭᠦᠯᠬᠦ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠵᠠᠮ ᠢ ᠨᠡᠭᠡᠭᠡᠵᠦ᠂ ᠣᠷᠣᠨ ᠪᠠᠶᠢᠷᠢ ᠳᠤ ᠭᠠᠷᠬᠤ ᠪᠠᠷ ᠴᠢᠷᠮᠠᠶᠢᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠪᠣᠬᠢᠷᠳᠣᠯ ᠦᠭᠡᠢ ᠶᠢ ᠪᠡᠭᠡᠵᠢᠩ ᠳᠤ ᠣᠷᠣᠭᠤᠯᠬᠤ︾ ᠶᠢ ᠳᠡᠮᠵᠢᠵᠦ᠂ ︽ᠭᠤᠷᠪᠠᠨ ᠵᠦᠢᠯ ᠤᠨ ᠪᠡᠯᠡ ᠮᠥᠩᠭᠦ ᠶᠢ ᠤᠯᠠᠭᠠᠨᠴᠠᠪ ᠳᠤ ᠬᠦᠷᠭᠡᠬᠦ︾ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ︔ ᠰᠢᠯᠢᠳᠡᠭ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠬᠡᠪ ᠳᠠᠭᠤᠷᠢᠶᠠᠯ ᠢ ᠪᠤᠢ ᠪᠣᠯᠭᠠᠵᠤ᠂ ᠵᠢᠱᠢᠶ᠎ᠡ ᠦᠵᠡᠭᠦᠯᠦᠨ᠂ ᠰᠠᠶᠢᠨ ᠠᠮᠵᠢᠯᠲᠠ ᠪᠦᠲᠦᠮᠵᠢ ᠭᠠᠷᠭᠠᠵᠤ᠂ ᠰᠠᠶᠢᠨ ᠮᠠᠭᠲᠠᠭᠠᠯ ᠰᠠᠶᠢᠰᠢᠶᠠᠯ ᠢ ᠪᠤᠢ ᠪᠣᠯᠭᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ  ᠬᠢᠨ ᠲᠤᠰᠢᠶᠠᠯ ᠡᠭᠦᠷᠭᠡᠯᠡᠬᠦ ᠺᠠᠳ᠋ᠷᠴᠤᠳ ᠢ ᠡᠷᠬᠢᠮ ᠨᠠᠨᠳᠢᠨ ᠴᠢᠳᠠᠪᠤᠷᠢᠲᠠᠨ ᠤ ᠡᠬᠢ ᠪᠠᠶᠠᠯᠢᠭ ᠪᠣᠯᠭᠠᠵᠤ᠂ ᠠᠵᠢᠯ ᠤᠨ ᠲᠠᠯ᠎ᠠ ᠪᠠᠷ ᠭᠦᠢᠴᠡᠳ ᠢᠲᠡᠭᠡᠵᠦ᠂ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠯᠠᠮᠵᠢᠯᠠᠵᠤ᠂ ᠤᠯᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃    ᠬᠤᠷᠠᠯ ᠳᠡᠭᠡᠷ᠎ᠡ᠂ ᠪᠡᠭᠡᠵᠢᠩ ᠤᠨ ᠡᠯ᠎ᠡ ᠬᠠᠪᠰᠤᠷᠤᠨ ᠲᠡᠳᠬᠦᠬᠦ ᠲᠣᠭᠤᠷᠢᠭ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠶᠢᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠤᠯᠠᠨ ᠢᠶᠠᠷ ᠢᠶᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠰᠠᠨᠠᠯ ᠨᠢᠭᠡᠲᠡᠢ ᠢᠯᠡᠳᠬᠡᠪᠡ᠃    ᠴᠢᠶᠣᠤ ᠶᠦᠨ ᠯᠢ᠂ ᠯᠢ ᠶᠦᠩ᠂ ᠯᠧᠢ ᠺᠦᠨ᠂ ᠯᠢᠦ ᠭᠦᠸᠧ ᠭᠠᠩ᠂ ᠯᠢ ᠵᠢᠶᠠᠨ ᠵᠢᠶᠦ᠋ᠨ ᠶᠠᠷᠢᠯᠴᠠᠬᠤ ᠬᠤᠷᠠᠯ ᠳᠤ ᠣᠷᠣᠯᠴᠠᠪᠠ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2