ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ  ᠶᠢ ᠢᠳᠡᠪᠬᠢᠳᠡᠢ ᠡᠬᠦᠳᠦᠨ ᠪᠠᠶᠢᠭᠤᠯᠤᠨ᠎ᠡ
ᠨᠡᠶᠢᠲᠡᠯᠡᠭᠰᠡᠨ ᠴᠠᠭ᠄
2023/8/16
ᠰᠤᠷᠪᠤᠯᠵᠢᠯᠠᠭ᠎ᠠ ᠬᠦᠯᠢᠶᠡᠭᠴᠢ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠰᠢᠶᠠᠨ    ᠳᠤᠪᠴᠢ ᠠᠭᠤᠯᠭ᠎ᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2023 ᠣᠨ ᠠᠴᠠ ᠡᠬᠢᠯᠡᠨ ᠰᠢᠨ᠎ᠡ ᠨᠢᠭᠡ ᠡᠭᠡᠯᠵᠢ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠨ᠂ ᠱᠠᠲᠤ ᠱᠠᠲᠤ ᠪᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠬᠡᠪ ᠳᠠᠭᠤᠷᠢᠶᠠᠯ ᠢ ᠪᠦᠯᠦᠭ ᠪᠦᠯᠦᠭ ᠢᠶᠠᠷ ᠪᠤᠢ ᠪᠣᠯᠭᠠᠵᠤ᠂ 2035 ᠣᠨ ᠪᠣᠯᠬᠤ ᠳᠤ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃     ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ᠣᠳᠣᠬᠠᠨ ᠳᠤ ᠤᠯᠠᠭᠠᠨᠴᠠᠪ ᠬᠤᠲᠠ ᠶᠠᠭ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ ᠪᠠᠶᠢᠨ᠎ᠠ᠂ ᠥᠨᠥᠳᠥᠷ ᠪᠢᠳᠡ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠰᠢᠶᠠᠨ ᠨᠥᠬᠦᠷ ᠢ ᠤᠷᠢᠵᠤ ᠮᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠪᠡ᠃     ᠰᠤᠷᠪᠤᠯᠵᠢᠯᠠᠭᠴᠢ᠄ ᠯᠢ ᠲᠣᠪᠴᠢᠶᠠᠨ ᠳᠠᠷᠤᠭ᠎ᠠ ᠡ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠢ ᠮᠠᠨ ᠤ ᠪᠥᠬᠦ ᠬᠤᠲᠠ ᠶᠢᠨ ᠢᠷᠠᠭᠤ ᠠᠯᠳᠠᠷ ᠲᠤ ᠬᠤᠯᠪᠣᠭᠳᠠᠬᠤ ᠪᠥᠭᠡᠳ ᠪᠠᠰᠠ ᠴᠤ ᠮᠠᠨ ᠤ ᠠᠷᠠᠳ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠶᠠᠪᠤᠳᠠᠯ ᠮᠥᠨ᠂ ᠲᠠ ᠪᠢᠳᠡᠨ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠭᠡᠭᠴᠢ ᠶᠠᠭᠤ ᠪᠣᠯᠬᠤ ᠶᠢ ᠶᠠᠷᠢᠭᠠᠳ ᠥᠭᠭᠦᠨ᠎ᠡ ᠤᠤ  ︖     ᠯᠢ ᠰᠢᠶᠠᠨ᠄ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠠᠯᠪᠠᠨ ᠭᠡᠷ 2019 ᠣᠨ ᠳᠤ ᠨᠢᠭᠡᠳᠦᠭᠡᠷ ᠪᠦᠯᠦᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠡᠬᠢᠯᠡᠭᠦᠯᠦᠭᠰᠡᠨ ᠠᠴᠠ ᠡᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2023 ᠣᠨ ᠠᠴᠠ ᠡᠬᠢᠯᠡᠨ ᠰᠢᠨ᠎ᠡ ᠨᠢᠭᠡ ᠡᠭᠡᠯᠵᠢ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠨ᠂ ᠱᠠᠲᠤ ᠱᠠᠲᠤ ᠪᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠬᠡᠪ ᠳᠠᠭᠤᠷᠢᠶᠠᠯ ᠢ ᠪᠦᠯᠦᠭ ᠪᠦᠯᠦᠭ ᠢᠶᠠᠷ ᠪᠤᠢ ᠪᠣᠯᠭᠠᠵᠤ᠂ 2035 ᠣᠨ ᠪᠣᠯᠬᠤ ᠳᠤ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃     ᠰᠤᠷᠪᠤᠯᠵᠢᠯᠠᠭᠴᠢ᠄ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ  ᠶᠢᠨ ᠪᠠᠶᠢᠷᠢ ᠲᠣᠭᠲᠠᠭᠠᠯᠲᠠ ᠨᠢ ᠶᠠᠭᠤ ᠪᠤᠶ︖     ᠯᠢ ᠰᠢᠶᠠᠨ᠄ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠣᠨ᠎ᠠ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠂ ᠬᠠᠤᠯᠢᠵᠢᠯ ᠤᠨ ᠤᠯᠤᠰ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠳᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠲᠠᠢ ᠪᠣᠯᠬᠤᠷ ᠭᠤᠣᠯᠳᠠᠯᠭ᠎ᠠ ᠲᠠᠢ ᠪᠠᠷ ᠠᠬᠢᠭᠤᠯᠵᠤ᠂ ᠤᠷᠢᠳᠠᠪᠠᠷ ᠰᠢᠪᠲᠤᠯᠤᠯᠲᠠ ᠭᠠᠷᠭᠠᠬᠤ ᠬᠡᠷᠡᠭᠲᠡᠢ᠃     ᠰᠤᠷᠪᠤᠯᠵᠢᠯᠠᠭᠴᠢ᠄ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠤᠨ ᠲᠤᠬᠠᠢ ᠶᠠᠷᠢᠪᠠᠯ᠂ ᠲᠡᠳᠡ ᠭᠤᠷᠪᠠᠭᠤᠯᠠ ᠶᠢᠨ ᠬᠠᠷᠢᠴᠠᠭ᠎ᠠ ᠨᠢ ᠶᠠᠭᠤ ᠪᠤᠶ︖     ᠯᠢ ᠰᠢᠶᠠᠨ᠄ ᠭᠤᠷᠪᠠᠭᠤᠯᠠ ᠪᠠᠨ ᠲᠣᠰ ᠲᠣᠰ ᠤᠨ ᠭᠤᠣᠯᠳᠠᠯᠭ᠎ᠠ ᠲᠠᠢ ᠪᠠᠶᠢᠵᠤ᠂ ᠬᠠᠷᠢᠯᠴᠠᠨ ᠨᠥᠬᠦᠴᠡᠯᠳᠦᠵᠦ ᠪᠠᠶᠢᠳᠠᠭ᠂ ᠬᠠᠤᠯᠢᠵᠢᠯ ᠤᠨ ᠤᠯᠤᠰ ᠪᠣᠯ ᠬᠠᠤᠯᠢᠵᠢᠯ ᠤᠨ ᠪᠠᠶᠢᠭᠤᠯᠤᠯᠲᠠ ᠶᠢᠨ ᠬᠠᠷᠠᠯᠲᠠ ᠮᠥᠨ᠂ ᠬᠠᠤᠯᠢᠵᠢᠯ ᠤᠨ ᠵᠠᠰᠠᠭ ᠤᠨ ᠣᠷᠳᠣᠨ ᠪᠣᠯ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠶᠢᠨ ᠭᠤᠣᠯᠳᠠᠯᠭ᠎ᠠ ᠮᠥᠨ᠂ ᠬᠠᠤᠯᠢᠵᠢᠯ ᠤᠨ ᠨᠡᠶᠢᠭᠡᠮ ᠪᠣᠯ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢ ᠮᠥᠨ᠃     ᠰᠤᠷᠪᠤᠯᠵᠢᠯᠠᠭᠴᠢ᠄ ᠶᠠᠭᠤᠨ ᠤ ᠤᠴᠢᠷ ᠠᠴᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠬᠦ ᠪᠤᠢ︖     ᠯᠢ ᠰᠢᠶᠠᠨ᠄ ᠬᠠᠤᠯᠢᠵᠢᠯ ᠤᠨ ᠵᠠᠰᠠᠭ ᠤᠨ ᠣᠷᠳᠣᠨ ᠪᠣᠯ ᠬᠠᠤᠯᠢᠵᠢᠯ ᠤᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ ᠪᠠ ᠭᠤᠣᠯᠳᠠᠯᠭ᠎ᠠ ᠮᠥᠨ᠂ ᠬᠠᠤᠯᠢᠵᠢᠯ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠳᠤᠮᠵᠢ ᠪᠠ ᠦᠯᠢᠭᠡᠷ ᠵᠢᠱᠢᠶ᠎ᠡ ᠮᠥᠨ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠣᠯ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠲᠥᠷᠥ ᠪᠠᠷᠢᠬᠤ ᠶᠢ ᠲᠦᠯᠬᠢᠨ ᠠᠬᠢᠭᠤᠯᠬᠤ ᠶᠢᠨ ᠪᠦᠲᠦᠮᠵᠢᠲᠡᠶ ᠭᠠᠷᠳᠠᠴᠠ ᠮᠥᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠴᠢᠬᠤᠯᠠ ᠪᠠᠲᠤᠯᠠᠭ᠎ᠠ ᠮᠥᠨ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠳᠤᠭᠤᠰᠢᠯᠠᠭᠤᠯᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃     ᠰᠤᠷᠪᠤᠯᠵᠢᠯᠠᠭᠴᠢ᠄ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠ ᠡᠭᠦᠳᠦᠨ ᠪᠠᠶᠢᠭᠤᠯᠬᠤ ᠠᠵᠢᠯ ᠢ ᠵᠠᠪᠠᠯ ᠬᠢᠬᠦ ᠬᠡᠷᠡᠭᠲᠡᠢ ᠪᠠᠶᠢᠨ᠎ᠠ᠂ ᠲᠡᠭᠡᠪᠡᠯ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠨᠢ ᠶᠠᠭᠤ ᠪᠤᠶ︖           ᠯᠢ ᠰᠢᠶᠠᠨ᠄ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠪᠣᠯ 2025 ᠣᠨ ᠪᠣᠯᠲᠠᠯ᠎ᠠ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢᠵᠢᠯ ᠤᠨ ᠵᠠᠮ ᠳᠤ ᠪᠦᠬᠦ ᠲᠠᠯ᠎ᠠ   ᠪᠠᠷ ᠤᠷᠤᠭᠤᠯᠵᠤ᠂ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠡᠯ᠎ᠡ ᠭᠠᠵᠠᠷ ᠣᠷᠣᠨ ᠡᠯ᠎ᠡ ᠲᠡᠰ ᠳᠠᠪᠬᠤᠷᠭ᠎ᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠣᠬᠢᠴᠠᠯᠳᠤᠭᠤᠯᠤᠨ ᠬᠠᠮᠲᠤ ᠳᠤᠨᠢ ᠠᠬᠢᠭᠤᠯᠵᠤ᠂ ᠨᠡᠩ ᠤᠯᠠᠨ ᠭᠠᠵᠠᠷ ᠣᠷᠣᠨ ᠳᠤ ᠤᠷᠢᠳ ᠢᠶᠠᠷ ᠰᠢᠪᠲᠤᠯᠤᠯᠲᠠ ᠭᠠᠷᠭᠠᠬᠤ ᠶᠢ ᠪᠡᠶᠡᠯᠡᠭᠦᠯᠵᠦ᠂ 2035 ᠣᠨ ᠪᠣᠯᠬᠤ ᠳᠤ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃     ᠰᠤᠷᠪᠤᠯᠵᠢᠯᠠᠭᠴᠢ᠄ ᠲᠡᠭᠡᠪᠡᠯ ᠡᠭᠡᠯ ᠠᠷᠠᠳ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠳᠤ ᠬᠡᠷᠬᠢᠨ ᠬᠦᠴᠦᠨ ᠴᠢᠳᠠᠯ ᠢᠶᠠᠨ ᠡᠷᠭᠦᠬᠦ ᠪᠤᠶ︖     ᠯᠢ ᠰᠢᠶᠠᠨ᠄ ᠣᠯᠠᠨ ᠤ ᠬᠢᠵᠦ ᠳᠡᠶᠢᠯᠬᠦ ᠠᠵᠢᠯ ᠶᠠᠪᠤᠳᠠᠯ ᠴᠤ ᠮᠠᠰᠢ ᠣᠯᠠᠨ ᠪᠠᠶᠢᠳᠠᠭ᠂ ᠴᠢᠩᠭ᠎ᠠ ᠬᠦᠴᠦᠲᠡᠢ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠳᠤ ᠢᠳᠡᠪᠬᠢᠲᠡᠢ ᠣᠷᠣᠯᠴᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠠᠭᠠᠨᠴᠠᠪ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠣᠯᠠᠨ ᠲᠦᠮᠡᠨ ᠤ ᠣᠶᠤᠨ ᠤᠬᠠᠭᠠᠨ ᠢ ᠨᠢᠭᠲᠠᠷᠠᠭᠤᠯᠵᠤ᠂ ᠤᠯᠠᠭᠠᠨᠴᠠᠪ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠡᠮᠵᠢᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠭᠦᠨ ᠠᠴᠠ ᠭᠠᠳᠠᠨ᠎ᠠ ᠪᠠᠰᠠ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠵᠦ᠂ ᠬᠠᠤᠯᠢ ᠶᠢ ᠰᠤᠷᠤᠯᠴᠠᠵᠤ᠂ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠵᠦ᠂ ᠤᠯᠠᠭᠠᠨᠴᠠᠪ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠦᠷ᠎ᠡ ᠪᠦᠲᠦᠮᠵᠢ᠂ ᠰᠢᠨ᠎ᠡ ᠨᠡᠶᠢᠲᠡᠯᠢᠭ ᠵᠢᠱᠢᠶ᠎ᠡ ᠶᠢ ᠠᠩᠬᠠᠷᠬᠤ ᠶᠢᠨ ᠬᠠᠮᠲᠤ ᠪᠤᠰᠤᠳ ᠲᠤ ᠲᠠᠨᠢᠯᠴᠠᠭᠤᠯᠵᠤ᠂ ᠤᠯᠠᠭᠠᠨᠴᠠᠪ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠬᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠵᠡᠨ ᠬᠥᠮᠥᠨ ᠤ ᠣᠪᠣᠷ ᠢᠶᠠᠷ ᠣᠷᠣᠨ ᠨᠤᠲᠤᠭ ᠤᠨ ᠬᠠᠤᠯᠢ ᠲᠣᠭᠲᠠᠭᠠᠬᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠡᠶᠢᠭᠡᠮ ᠤᠨ ᠬᠢᠨᠠᠯᠲᠠ᠂ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ᠎ᠠ᠃ ᠤᠯᠠᠭᠠᠨᠴᠠᠪ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠣᠷᠣᠯᠴᠠᠭᠴᠢ ᠪᠣᠯᠬᠤ ᠪᠠᠷ ᠴᠢᠷᠮᠠᠶᠢᠨ᠎ᠠ᠃     ᠥᠷᠭᠡᠨ ᠤᠯᠠᠨ ᠬᠤᠳᠠ ᠶᠢᠨ ᠠᠷᠠᠳ ᠨᠠᠶᠢᠵᠢ ᠨᠠᠷ ᠮᠠᠨ ᠤ ᠬᠤᠳᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠬᠠᠯᠠᠮᠵᠢᠯᠠᠨ ᠠᠩᠬᠠᠷᠤᠨ ᠲᠡᠮᠵᠢᠵᠤ᠂ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠬᠦ ᠶᠢᠨ ᠳᠡᠮᠵᠢᠭᠴᠢ᠂ ᠤᠬᠠᠭᠤᠯᠤᠭᠴᠢ᠂ ᠣᠷᠣᠯᠴᠠᠭᠴᠢ ᠪᠣᠯᠵᠤ᠂ ᠤᠯᠠᠭᠠᠨᠴᠠᠪ ᠤᠨ ᠬᠠᠤᠯᠢᠵᠢᠯ ᠤᠨ ᠪᠠᠶᠢᠭᠤᠯᠤᠯᠲᠠ ᠶᠢ ᠮᠠᠭᠲᠠᠨ ᠰᠠᠶᠢᠰᠢᠶᠠᠵᠤ᠂ ᠬᠠᠤᠯᠢᠵᠢᠯ ᠤᠨ ᠤᠯᠠᠭᠠᠨᠴᠠᠪ ᠤᠨ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠶᠢ ᠬᠠᠮᠲᠤᠪᠠᠷ ᠡᠭᠦᠳᠴᠦ᠂ ᠬᠠᠤᠯᠢᠵᠢᠯ ᠤᠨ ᠤᠯᠠᠭᠠᠨᠴᠠᠪ ᠤᠨ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠵᠤ᠂ ᠬᠠᠤᠯᠢᠵᠢᠯ ᠤᠨ ᠤᠯᠠᠭᠠᠨᠴᠠᠪ ᠤᠨ ᠦᠢᠯᠡᠳᠦᠯᠭᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2