ᠴᠢ ᠹᠧᠢ ᠶᠦᠨ ᠰᠢᠩ ᠾᠧ ᠰᠢᠶᠠᠨ ᠳᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠲᠠᠷᠢᠮᠠᠯ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/17
   8 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠰᠢᠩ ᠾᠧ ᠰᠢᠶᠠᠨ ᠳᠤ ᠭᠦᠨᠵᠡᠭᠡᠶᠢᠷᠡᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠠᠷᠢᠮᠠᠯ ᠤᠨ ᠤᠷᠭᠤᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃    ᠭᠤᠸᠠᠩ ᠬᠤᠸᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ︽ᠲᠥᠷᠥᠯ ᠵᠦᠢᠯ ᠤᠨ ᠬᠠᠮᠢᠶᠠᠷᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠪᠡᠯᠡ ᠮᠥᠩᠭᠦ᠂ ᠭᠠᠵᠠᠷ ᠰᠢᠷᠣᠢ᠂ ᠠᠵᠢᠯᠴᠢᠨ ᠬᠡᠷᠡᠭᠯᠡᠬᠦ ᠵᠡᠷᠭᠡ ᠬᠦᠴᠢᠷᠳᠡᠯ ᠪᠠ ᠲᠦᠭᠵᠢᠷᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠠᠶᠢᠯᠢ ᠲᠠᠲᠠᠪᠤᠷᠢ᠂ ᠦᠢᠯᠡᠳᠬᠦᠨ ᠤ ᠦᠷᠳᠡᠭ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠣᠯᠭᠠᠭᠤᠯᠬᠤ ᠦᠢᠯᠡᠴᠢᠯᠡᠭᠡ ᠶᠢ ᠢᠳᠡᠪᠬᠢᠲᠡᠢ ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠵᠢᠭᠠᠨ ᠵᠢᠯᠤᠭᠤᠳᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠣᠨ ᠭᠡᠮ ᠰᠣᠭᠤᠭ ᠢ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠲᠡᠰ ᠳᠠᠷᠠᠭᠠᠯᠠᠯ ᠢ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠲᠤᠸᠠᠨ ᠵᠢᠶᠧ ᠰᠢᠶᠠᠩ ᠤᠨ ᠱᠠ ᠪᠥᠸᠧ ᠳ᠋ᠢᠶᠠᠨ ᠲᠣᠰᠬᠤᠨ ᠤ ᠡᠷᠳᠡᠨᠢ ᠰᠢᠰᠢ ᠶᠢᠨ ᠲᠠᠷᠢᠮᠠᠯ ᠤᠨ ᠰᠠᠭᠤᠷᠢᠨ᠂ ᠬᠤᠸᠠᠩ ᠲᠤ ᠶᠣᠣ ᠰᠢᠬᠢᠷ ᠯᠤᠤᠪᠠᠩ ᠤᠨ ᠲᠠᠷᠢᠮᠠᠯ ᠤᠨ ᠰᠠᠭᠤᠷᠢᠨ ᠪᠠ ᠳ᠋ᠠ ᠲᠦᠩ ᠶᠣᠣ ᠰᠢᠶᠠᠩ ᠤᠨ ᠥᠷᠭᠡᠰᠦᠲᠦ ᠨᠣᠭᠤᠭ᠎ᠠ ᠶᠢᠨ ᠲᠠᠷᠢᠮᠠᠯ ᠤᠨ ᠰᠠᠭᠤᠷᠢᠨ ᠭᠠᠵᠠᠷ ᠲᠤ ᠴᠢ ᠹᠧᠢ ᠶᠦᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠠᠷᠢᠮᠠᠯ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠨ ᠭᠠᠵᠠᠷ ᠤᠨ ᠬᠠᠮᠢᠶᠠᠷᠤᠯᠲᠠ᠂ ᠤᠰᠤᠨ ᠳᠤ ᠠᠷᠪᠢᠲᠠᠢ ᠤᠰᠤᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠰᠤ ᠠᠷᠪᠢᠯᠠᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠣᠪᠴᠢᠲᠠᠢ ᠬᠡᠮᠵᠢᠭᠡᠳ ᠰᠦᠢᠳᠬᠡᠯ ᠬᠤᠷᠢᠶᠠᠵᠤ᠂ ᠤᠰᠤ ᠠᠷᠪᠢᠯᠠᠬᠤ ᠲᠠᠷᠢᠶᠠᠯᠠᠩ ᠢ ᠰᠠᠶᠢᠲᠤᠷ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠤᠯᠠᠮᠵᠢᠯᠠᠯᠲᠤ ᠲᠠᠷᠢᠮᠠᠯ ᠤᠨ ᠣᠶᠢᠯᠠᠭᠠᠭᠳᠠᠬᠤᠨ ᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠷᠳᠡᠨᠢ ᠰᠢᠰᠢ᠂ ᠰᠢᠬᠢᠷ ᠯᠤᠤᠪᠠᠩ᠂ ᠥᠷᠭᠡᠰᠦᠲᠦ ᠨᠣᠭᠤᠭ᠎ᠠ ᠵᠡᠷᠭᠡ ᠲᠠᠷᠢᠮᠠᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠦᠷ᠎ᠡ ᠠᠰᠢᠭ ᠢ ᠨᠢ ᠳᠡᠭᠡᠭᠰᠢᠯᠡᠭᠦᠯᠬᠦ ᠪᠠᠷ ᠴᠢᠷᠮᠠᠶᠢᠵᠤ᠂ ᠥᠷᠭᠡᠨ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃     ᠯᠢ ᠵᠢᠶᠠᠨ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2