ᠵᠢᠨᠢᠩ ᠲᠣᠭᠤᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠪᠡᠯᠡ ᠮᠥᠩᠭᠦ  ᠶᠢᠨ ᠬᠤᠶᠠᠳᠤᠭᠠᠷ ᠪᠦᠯᠦᠭ ᠤᠳᠠᠭ᠎ᠠ ᠶᠢ ᠴᠠᠭ ᠲᠤᠬᠠᠢ ᠳᠤᠨᠢ ᠰᠣᠯᠢᠵᠤ ᠥᠭᠪᠡ
ᠨᠡᠶᠢᠲᠡᠯᠡᠭᠰᠡᠨ ᠴᠠᠭ᠄
2023/8/17
    2023 ᠣᠨ ᠳᠤ᠂ ᠵᠢᠨᠢᠩ ᠲᠣᠭᠤᠷᠢᠭ ︽ᠳᠥᠷᠪᠡᠨ ᠪᠣᠭᠤᠮᠲᠠ︾᠂ ᠲᠤᠬᠠᠶᠢᠯᠠᠪᠠᠯ ︽ᠣᠷᠣᠭᠤᠯᠬᠤ ᠪᠣᠭᠤᠮᠲᠠ᠂ ᠬᠢᠨᠠᠨ ᠬᠠᠷᠭᠤᠭᠤᠯᠬᠤ ᠪᠣᠭᠤᠮᠲᠠ᠂ ᠬᠠᠷᠭᠤᠭᠤᠯᠤᠨ ᠪᠠᠶᠢᠴᠠᠭᠠᠬᠤ ᠪᠣᠭᠤᠮᠲᠠ᠂ ᠵᠠᠷᠯᠠᠨ ᠨᠡᠶᠢᠲᠡᠯᠡᠬᠦ ᠪᠣᠭᠤᠮᠲᠠ︾ ᠶᠢ ᠴᠢᠩᠭ᠎ᠠ ᠠᠳᠬᠤᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠮᠠᠰᠢᠨ ᠬᠤᠳᠠᠯᠳᠤᠨ ᠠᠪᠤᠭᠴᠢ ᠶᠢᠨ ᠭᠠᠷ ᠤᠲᠠᠰᠤᠨ ᠤ App ᠢᠶᠠᠷ ᠨᠥᠬᠦᠪᠦᠷᠢ ᠭᠤᠶᠤᠴᠢᠯᠠᠬᠤ ᠶᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠨᠥᠬᠦᠪᠦᠷᠢ ᠭᠤᠶᠤᠴᠢᠯᠠᠬᠤ᠂ ᠰᠦᠯᠵᠢᠶᠡᠨ ᠭᠠᠳᠠᠨ᠎ᠠ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠪᠡᠯᠡ ᠮᠥᠩᠭᠦ ᠶᠢᠨ ᠠᠮᠤᠷ ᠲᠦᠪᠰᠢᠨ ᠢ ᠪᠠᠲᠤᠯᠠᠵᠤ᠂ ᠴᠠᠭ ᠲᠤᠬᠠᠢ ᠳᠤᠨᠢ ᠡᠷᠦᠬᠡ ᠳᠤ ᠨᠠᠶᠢᠳᠠᠪᠤᠷᠢᠵᠢᠭᠤᠯᠪᠡ᠃     7 ᠰᠠᠷ᠎ᠠ ᠶᠢᠨ ᠰᠡᠭᠦᠯᠴᠢ ᠪᠣᠯᠲᠠᠯ᠎ᠠ᠂ ᠬᠤᠶᠠᠳᠤᠭᠠᠷ ᠪᠦᠯᠦᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠪᠡᠯᠡ ᠮᠥᠩᠭᠦ ᠶᠢ ᠨᠢᠭᠡᠨᠲᠡ ᠴᠠᠭ ᠲᠤᠬᠠᠢ ᠳᠤᠨᠢ ᠥᠭᠴᠦ᠂ ᠲᠣᠰ ᠪᠦᠯᠦᠭ ᠲᠤ 21.62 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠥᠭᠴᠦ᠂ ᠡᠯ᠎ᠡ ᠲᠥᠷᠥᠯ ᠤᠨ ᠮᠠᠰᠢᠨ ᠪᠠᠭᠠᠵᠢ 32 ᠰᠠᠤᠷᠢ ᠨᠥᠬᠦᠪᠦᠷᠢ ᠥᠭᠴᠦ᠂ 20 ᠡᠷᠦᠬᠡ ᠳᠤ ᠠᠰᠢᠭ ᠬᠦᠷᠲᠡᠭᠡᠪᠡ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2