| | ᠡᠨᠡ ᠵᠢᠯ᠂ ᠯᠢᠶᠡᠩᠴᠧᠩ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠯᠤᠰ ᠤᠨ ᠡᠯ᠎ᠡ | ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠵᠢᠯ ᠣᠯᠭᠤᠯᠲᠠ ᠳᠠᠬᠢᠨ ᠠᠵᠢᠯ ᠣᠯᠭᠤᠯᠲᠠ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠠᠵᠢᠯ ᠨᠢ ᠠᠷᠠᠳ ᠤᠨ | ᠠᠮᠢᠳᠤᠷᠠᠯ ᠳᠤ ᠨᠡᠶᠢᠳᠡᠮ ᠠᠰᠢᠭ ᠬᠦᠷᠲᠡᠭᠡᠵᠦ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ | ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠢᠯᠠᠩᠭᠤᠶ᠎ᠠ ᠠᠵᠢᠯ ᠠᠯᠳᠠᠭᠰᠠᠳ ᠤᠨ | ᠮᠥᠩᠭᠦ ᠶᠢ ᠲᠤᠭ᠎ᠠ ᠶᠣᠰᠣᠭᠠᠷ ᠨᠢ ᠴᠠᠭ ᠲᠤᠬᠠᠢ ᠳᠤᠨᠢ ᠲᠦᠭᠡᠭᠡᠵᠦ ᠥᠭᠭᠦᠭᠰᠡᠨ ᠠᠴᠠ ᠠᠵᠢᠯ ᠠᠯᠳᠠᠭᠰᠠᠳ ᠤᠨ | ᠴᠢᠷᠠᠢ ᠳᠡᠭᠡᠷ᠎ᠡ ᠬᠠᠨᠤᠮᠵᠢᠲᠠᠶ ᠢᠨᠢᠶᠡᠮᠰᠦᠭᠯᠡᠯ ᠢᠯᠡᠷᠡᠵᠡᠢ᠃ | 8 ᠰᠠᠷ᠎ᠠ ᠶᠢᠨ 18 ᠤ ᠡᠳᠦᠷ ᠪᠣᠯᠲᠠᠯ᠎ᠠ᠂ 7 ᠰᠠᠷ᠎ᠠ ᠳᠤ 97 ᠬᠥᠮᠥᠨ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠠᠪᠴᠠᠢ᠃ ᠡᠭᠦᠨ ᠤ ᠳᠣᠲᠣᠷ᠎ᠠ 6 ᠰᠠᠷ᠎ᠠ ᠠᠴᠠ ᠳᠡᠭᠡᠭᠰᠢ ᠭᠠᠷᠭᠠᠨ ᠠᠪᠤᠭᠰᠠᠨ ᠨᠢ 93 | ᠬᠥᠮᠥᠨ ᠪᠠᠶᠢᠨ᠎ᠠ᠃ ᠡᠭᠦᠨ ᠤ ᠳᠣᠲᠣᠷ᠎ᠠ ᠡᠮᠡᠭᠲᠡᠢ 54 ᠬᠥᠮᠥᠨ ᠪᠠᠶᠢᠨ᠎ᠠ᠂ ᠲᠣᠰ ᠰᠠᠷ᠎ᠠ ᠳᠤ ᠰᠢᠨ᠎ᠡ ᠪᠠᠷ | ᠨᠡᠮᠡᠭᠳᠡᠭᠰᠡᠨ ᠠᠵᠢᠯ ᠠᠯᠳᠠᠭᠰᠠᠳ ᠤᠨ ᠮᠥᠩᠭᠦ ᠠᠪᠬᠤ ᠬᠥᠮᠥᠨ 13 ᠪᠠᠶᠢᠨ᠎ᠠ᠃ ᠲᠣᠰ ᠰᠠᠷ᠎ᠠ ᠳᠤ 97 | ᠬᠥᠮᠥᠨ ᠳᠤ ᠨᠡᠶᠢᠲᠡ 17.27 ᠲᠦᠮᠡᠨ ᠲᠥᠭᠦᠷᠢᠭ ᠤᠨ ᠠᠵᠢᠯ ᠠᠯᠳᠠᠯᠲᠠ ᠶᠢᠨ ᠮᠥᠩᠭᠦ ᠲᠠᠷᠬᠠᠭᠠᠭᠰᠠᠨ ᠪᠠᠶᠢᠨ᠎ᠠ᠃ | | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠭᠦᠢᠴᠡᠳ ᠲᠤᠭ᠎ᠠ ᠪᠠᠷ᠂ ᠴᠠᠭ ᠲᠤᠬᠠᠢ ᠳᠤᠨᠢ | ᠳᠠᠷᠬᠠᠭᠠᠵᠤ ᠥᠭᠬᠦ ᠨᠢ ᠬᠥᠳᠡᠯᠮᠦᠷᠢᠴᠢᠨ ᠤ ᠠᠵᠢᠯ ᠠᠯᠳᠠᠭᠰᠠᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ | ᠬᠡᠷᠡᠭᠴᠡᠭᠡ ᠶᠢ ᠪᠠᠲᠤᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ | ᠥᠭᠭᠦᠭᠰᠡᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |