ᠴᠢ ᠹᠧᠢ ᠶᠦᠨ ︽8 ·1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠲᠣᠭᠤᠷᠢᠨ ᠪᠣᠯᠭᠤᠭᠠᠵᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/8/2
   8 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠤᠭᠰᠠᠨ ᠪᠥᠭᠡᠳ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠲᠠᠢ ᠸᠢᠳᠢᠤ᠋ ᠪᠠᠷ ᠬᠠᠷᠢᠯᠴᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃    ᠴᠢ ᠹᠧᠢ ᠶᠦᠨ ᠤᠷᠢᠳ ᠬᠤᠵᠢᠳ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠴᠡᠷᠢᠭ ᠤᠨ ᠲᠡᠦᠬᠡ ᠶᠢᠨ ᠣᠷᠳᠣᠨ᠂ ᠬᠤᠭᠤᠯᠠᠨ ᠭᠡᠷ ᠵᠡᠷᠭᠡ ᠭᠠᠵᠠᠷ ᠲᠤ ᠬᠦᠷᠴᠦ᠂ ᠴᠡᠷᠢᠭ ᠤᠨ ᠬᠤᠪᠢᠶᠠᠷᠢ ᠲᠣᠭᠤᠷᠢᠭ ᠤᠨ ᠬᠥᠭᠵᠢᠯᠲᠡ ᠶᠢᠨ ᠲᠡᠦᠬᠡ ᠪᠣᠯᠣᠨ ᠰᠠᠭᠤᠭ᠎ᠠ ᠭᠠᠵᠠᠷ ᠤᠨ ᠰᠣᠶᠣᠯ ᠢ ᠨᠠᠷᠢᠨ ᠣᠶᠢᠯᠠᠭᠠᠵᠤ᠂ ᠳᠠᠷᠤᠭ᠎ᠠ ᠪᠠᠶᠢᠯᠳᠤᠭᠴᠢᠳ ᠤᠨ ᠡᠳᠦᠷ ᠲᠤᠳᠤᠮ ᠤᠨ ᠢᠳᠡᠭᠡᠨ ᠤᠮᠳᠠᠭᠠᠨ ᠤ ᠪᠠᠶᠢᠳᠠᠯ ᠢ ᠬᠠᠯᠠᠮᠵᠢᠯᠠᠨ ᠠᠰᠠᠭᠤᠪᠠ᠃ ᠲᠡᠷᠡ᠂ ᠰᠠᠭᠤᠭ᠎ᠠ ᠭᠠᠵᠠᠷ ᠤᠨ ᠴᠡᠷᠢᠭ ᠠᠩᠭᠢ ᠪᠣᠯᠣᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠴᠢᠷᠮᠠᠶᠢᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠶᠢᠨ ᠬᠠᠮᠲᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠭᠡᠷ ᠢᠷᠡᠵᠠᠢ᠃ ᠰᠠᠭᠤᠭ᠎ᠠ ᠭᠠᠵᠠᠷ ᠤᠨ ᠴᠡᠷᠢᠭ ᠠᠩᠭᠢ ᠪᠣᠯᠣᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭᠠᠷᠠᠭᠰᠠᠨ ᠴᠢᠳᠠᠪᠤᠷᠢ ᠪᠠᠨ ᠪᠣᠯᠪᠠᠰᠤᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠦᠶ᠎ᠡ ᠳᠤ ᠰᠢᠪᠲᠤᠯᠤᠨ ᠳᠡᠶᠢᠯᠬᠦ᠂ ᠪᠠᠶᠢᠯᠳᠤᠭᠠᠨ ᠳᠤ ᠢᠯᠠᠯᠲᠠ ᠣᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ᠃ ᠴᠡᠷᠢᠭ ᠠᠩᠭᠢ ᠶᠢᠨ ᠴᠢᠳᠠᠯ  ᠢ ᠣᠷᠣᠨ ᠨᠤᠲᠤᠭ ᠤᠨ ᠬᠡᠷᠡᠭᠴᠡᠭᠡ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠭᠠᠷ ᠬᠤᠯᠪᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠠᠶᠢᠲᠤᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ ᠬᠤᠪᠢᠰᠬᠠᠯᠲᠤ ᠬᠠᠶᠢᠷ᠎ᠠ ᠰᠡᠳᠬᠢᠯᠭᠡ ᠶᠢ ᠭᠦᠨ ᠪᠤᠢ ᠪᠣᠯᠭᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠤᠶᠠᠷ ᠢ ᠬᠦᠷᠢᠶᠡᠯᠡᠬᠦ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠷᠢᠭ ᠠᠩᠭᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠬᠡᠯᠡᠪᠡ᠃    ᠴᠠᠢ ᠶᠤᠸᠠᠢ ᠲᠣᠬᠤᠨᠢᠭᠤᠯᠤᠯ ᠳᠤ ᠣᠷᠣᠯᠴᠠᠪᠠ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2