ᠰᠦᠢ ᠸᠧᠢ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠠᠷᠢᠭᠤᠨ ᠴᠡᠪᠡᠷ ᠢᠶᠠᠷ ᠳᠤᠯᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/21
   8 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠠᠷᠢᠭᠤᠨ ᠴᠡᠪᠡᠷ ᠢᠶᠠᠷ ᠳᠤᠯᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠳ᠋ᠢᠶᠠᠨ ᠽᠢ ᠪᠠᠯᠭᠠᠰᠤᠨ ᠤ ᠪᠠᠢ ᠵᠢᠶᠠ ᠶᠢᠩ ᠲᠣᠰᠬᠤᠨ ᠪᠣᠯᠣᠨ ᠴᠧᠩ ᠭᠤᠸᠠᠨ ᠪᠠᠯᠭᠠᠰᠤᠨ ᠤ ᠬᠠᠷᠠᠭ᠎ᠠ ᠶᠢᠨ ᠭᠤᠤ ᠲᠣᠰᠬᠤᠨ ᠳᠤ᠂ ᠰᠦᠢ ᠸᠧᠢ ᠵᠢᠶᠦ᠋ᠨ ᠲᠣᠬᠢᠶᠠᠯᠳᠤᠯ ᠢᠶᠠᠷ ᠡᠷᠦᠬᠡ ᠳᠤ ᠣᠷᠣᠵᠤ᠂ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢᠨ ᠵᠠᠷᠤᠳᠠᠯ ᠪᠣᠯᠣᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠣᠯ ᠠᠷᠠᠳ ᠤᠯᠠᠨ ᠳᠤ ᠪᠣᠳᠠᠲᠠᠢ ᠠᠵᠢᠯ ᠬᠢᠵᠦ ᠥᠭᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠯ᠎ᠡ ᠱᠠᠲᠤᠨ ᠤ ᠺᠠᠳ᠋ᠷ ᠢᠯᠠᠩᠭᠤᠶ᠎ᠠ ᠦᠨᠳᠦᠰᠦᠨ ᠱᠠᠲᠤᠨ ᠤ ᠺᠠᠳ᠋ᠷ ᠢᠯᠡᠭᠦᠬᠡᠨ ᠤᠬᠠᠭᠤᠯᠵᠤ᠂ ᠠᠷᠠᠳ ᠤᠯᠠᠨ ᠳᠤ ᠲᠦᠷᠦ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ᠠᠷᠠᠳ ᠤᠯᠠᠨ ᠤ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ ᠨᠢᠭᠡ ᠡᠷᠤᠭᠡ ᠳᠤ ᠨᠢᠭᠡ ᠳᠡᠪᠲᠡᠷ᠂ ᠨᠢᠭᠡ ᠡᠷᠤᠭᠡ ᠳᠤ ᠨᠢᠭᠡ ᠲᠠᠩᠰᠠ ᠡᠪᠬᠡᠮᠡᠯ ᠲᠠᠢ ᠪᠠᠶᠢᠵᠤ᠂ ᠲᠤᠭ᠎ᠠ ᠪᠦᠷᠢᠳᠬᠡᠯ᠂ ᠪᠠᠶᠢᠳᠠᠯ ᠢ ᠦᠨᠡᠨ ᠬᠦ ᠡᠴᠦᠰ ᠲᠤᠨᠢ ᠲᠤᠯᠲᠠᠯ᠎ᠠ ᠬᠢᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠲᠤᠷᠰᠢᠯᠭ᠎ᠠ ᠪᠠᠨ ᠲᠡᠰᠦᠷᠡᠯᠳᠠ ᠦᠭᠡᠢ ᠳ᠋ᠦᠩᠨᠡᠵᠦ᠂ ᠠᠵᠢᠯ ᠢᠶᠠᠨ ᠰᠠᠶᠢᠵᠢᠷᠠᠭᠤᠯᠤᠨ᠂ ᠠᠵᠢᠯ ᠤᠨ ᠳᠤᠮᠳᠠ ᠭᠠᠷᠤᠭᠰᠠᠨ ᠡᠯ᠎ᠡ ᠵᠦᠢᠯ ᠤᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠦᠨᠡᠨ ᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠪᠠᠷ ᠬᠢᠬᠦ ᠬᠡᠷᠡᠭᠲᠡᠢ᠃ ᠬᠢᠨᠠᠯᠲᠠ ᠲᠠᠯᠪᠢᠵᠤ ᠰᠢᠯᠭᠠᠨ ᠠᠪᠬᠤ ᠶᠢ ᠴᠢᠩᠭᠠᠳᠬᠠᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠢ ᠦᠨᠡᠨ ᠬᠦ ᠠᠷᠠᠳ ᠤᠯᠠᠨ ᠤ ᠰᠠᠨᠠᠭᠠᠨ ᠳᠤ ᠨᠡᠶᠢᠴᠡᠭᠰᠡᠨ ᠢᠨᠵᠧᠨᠧᠷᠢᠩ ᠪᠣᠯᠭᠠᠬᠤ ᠬᠡᠷᠡᠭᠲᠡᠢ ᠭᠡᠵᠦ ᠬᠡᠯᠡᠪᠡ᠃    ᠴᠧᠩ ᠭᠤᠸᠠᠨ ᠪᠠᠯᠭᠠᠰᠤᠨ ᠤ ᠰᠢᠩ ᠱᠧᠩ ᠵᠣᠯ ᠵᠢᠷᠭᠠᠯ ᠤᠨ ᠬᠦᠷᠢᠶᠡᠯᠡᠩ ᠳᠤ᠂ ᠰᠦᠢ ᠸᠧᠢ ᠵᠢᠶᠦ᠋ᠨ ᠵᠣᠯ ᠵᠢᠷᠭᠠᠯ ᠤᠨ ᠬᠦᠷᠢᠶᠡᠯᠡᠩ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ ᠪᠣᠯᠣᠨ ᠠᠵᠢᠯᠯᠠᠭᠠᠨ ᠤ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ ᠃ ᠲᠡᠷᠡ᠂ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠢᠨᠵᠧᠨᠧᠷᠢᠩ ᠢ ᠴᠢᠨᠠᠷ ᠰᠠᠶᠢᠲᠠᠢ ᠠᠬᠢᠭᠤᠯᠵᠤ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃    ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠰᠦᠢ ᠸᠧᠢ ᠵᠢᠶᠦ᠋ᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠶᠡᠷᠦᠩᠬᠡᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠠᠰᠤ ᠴᠢᠨᠠᠷ ᠪᠣᠯᠣᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠢ ᠸᠧᠢ ᠵᠢᠶᠦ᠋ᠨ ᠪᠠᠰᠠ ᠰᠢᠩ ᠾᠧ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠲᠥᠰᠥᠪᠯᠡᠬᠦ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ︽ᠤᠯᠠᠭᠠᠨᠴᠠᠪ ᠤᠨ︾ ᠭᠡᠬᠦ ᠰᠢᠷᠢᠰ ᠨᠠᠷᠠᠲᠤ ᠲᠡᠮᠳᠡᠭᠲᠦ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠭᠤᠯᠴᠢᠯᠠᠯ ᠤᠨ ᠵᠢᠯ ᠤᠨ ᠳᠥᠷᠪᠡᠨ ᠤᠯᠠᠷᠢᠯ ᠳᠤ ᠴᠥᠮ ᠬᠥᠭᠵᠢᠶᠡᠨ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠬᠡᠯᠡᠪᠡ᠃   ᠯᠢᠦ ᠭᠦᠸᠧ ᠭᠠᠩ᠂ ᠹᠠᠩ ᠽᠧ᠂ ᠢᠦᠢ ᠬᠠᠢ ᠴᠧᠩ ᠣᠷᠣᠯᠴᠠᠵᠠᠢ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2