ᠵᠢᠨᠢᠩ ᠲᠣᠭᠤᠷᠢᠭ ᠤᠨ ᠬᠢᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠬᠠᠮᠲᠤᠷᠠᠭᠰᠠᠨ ᠬᠤᠷᠠᠯ ᠵᠢᠴᠢ ︽ᠰᠢᠭᠦᠬᠦ ᠲᠤᠰᠢᠶᠠᠯᠲᠠᠨ ᠤ ᠠᠵᠢᠯ ᠤᠨ ᠦᠷᠳᠡᠭᠡ︾  ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/8/21
    8 ᠰᠠᠷ᠎ᠠ ᠶᠢᠨ 18 ᠤ ᠡᠳᠦᠷ᠂ ᠵᠢᠨᠢᠩ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠬᠠᠮᠲᠤᠷᠠᠭᠰᠠᠨ ᠬᠤᠷᠠᠯ ᠵᠢᠴᠢ ︽ᠰᠢᠬᠦᠬᠦ ᠲᠤᠰᠢᠶᠠᠯᠲᠠᠨ ᠤ ᠠᠵᠢᠯ ᠤᠨ ᠥᠷᠲᠡᠭᠡ︾ ᠶᠢᠨ ᠫᠠᠶᠢᠰᠠ ᠰᠡᠬᠦᠬᠦ ᠶᠣᠰᠣᠯᠠᠯ ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠶᠠᠪᠤᠭᠳᠠᠪᠠ᠃     ᠬᠤᠷᠠᠯ ᠠᠴᠠ᠂ ᠣᠷᠣᠨ ᠪᠦᠰᠡ ᠶᠢᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠦᠴᠦᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠵᠢᠯᠴᠠᠨ ᠪᠣᠳᠠᠲᠠᠢ ᠪᠠᠶᠢᠯᠳᠤᠬᠤ ᠬᠦᠴᠦᠨ ᠪᠣᠯᠣᠨ ᠲᠣᠰᠬᠤᠨ ︵ᠨᠡᠶᠢᠭᠡᠮ ᠲᠣᠭᠤᠷᠢᠭ︶ ᠤ ᠲᠦᠷᠭᠡᠨ ᠴᠤᠤᠷᠢᠶᠠᠲᠤᠨ ᠳᠠᠭᠠᠬᠤ ᠬᠦᠴᠦᠨ ᠢ ᠴᠢᠩᠭᠠᠳᠬᠠᠬᠤ ᠬᠡᠷᠡᠭᠲᠡᠢ᠃ ᠨᠠᠮ ᠤᠨ ᠡᠭᠦᠷ ᠤᠨ ᠤᠳᠤᠷᠢᠳᠤᠯᠭ᠎ᠠ ᠳᠣᠣᠷᠠᠬᠢ ᠲᠢᠩᠬᠢᠮ᠂ ᠭᠠᠵᠠᠷ ᠤᠨ ᠳᠠᠷᠤᠭ᠎ᠠ ᠶᠢᠨ ᠬᠠᠷᠢᠭᠤᠴᠠᠬᠤ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠪᠦᠯᠬᠦᠮ ᠳᠠᠭᠠᠭᠤᠯᠤᠨ ᠪᠠᠶᠢᠭᠤᠯᠬᠤ᠂ ᠪᠠᠶᠢᠭᠤᠯᠤᠯᠭ᠎ᠠ ᠪᠠᠷ ᠦᠨᠳᠦᠰᠦᠨ ᠱᠠᠲᠤ ᠶᠢ ᠳᠠᠭᠠᠭᠤᠯᠬᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠦᠨᠡᠨᠬᠦ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠠᠢ ᠨᠢᠭᠲᠠ ᠵᠣᠯᠭᠠᠭᠤᠯᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠬᠦ ᠪᠠ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠶᠢ ᠴᠢᠬᠤᠯᠠᠴᠢᠯᠠᠵᠤ᠂ ᠵᠠᠭᠠᠯᠳᠤᠯᠭ᠎ᠠ ᠶᠢᠨ ᠢᠷᠡᠯᠲᠡ᠂ ᠰᠣᠷᠪᠤᠯᠵᠢᠯᠠᠭ᠎ᠠ ᠶᠢᠨ ᠢᠷᠡᠯᠲᠡ᠂ ᠴᠠᠭᠳᠠᠭᠠᠨ ᠤ ᠢᠷᠡᠯᠲᠡ ᠶᠢᠨ ︽ᠭᠤᠷᠪᠠᠨ ᠢᠷᠡᠯᠲᠡ ᠶᠢ ᠵᠡᠷᠭᠡᠪᠡᠷ ᠵᠠᠰᠠᠬᠤ︾ ᠶᠢ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠣᠯᠣᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠤᠯᠠᠨ ᠲᠦᠮᠡᠨ ᠳᠤ ᠦᠢᠯᠡᠴᠢᠯᠡᠬᠦ ᠪᠠ ᠦᠨᠳᠦᠰᠦᠨ ᠱᠠᠲᠤᠨ ᠤ ᠵᠠᠰᠠᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠣᠷᠣᠯᠴᠠᠬᠤ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠢ ᠪᠣᠯᠭᠠᠬᠤ ᠬᠡᠷᠡᠭᠲᠡᠢ᠃ ︽ᠨᠢᠭᠡ ᠦᠷᠳᠡᠭᠡᠯᠢᠭ ᠬᠡᠯᠪᠡᠷᠢ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠵᠢᠷᠤᠮᠵᠢᠭᠤᠯᠵᠤ᠂ ᠨᠡᠶᠢᠭᠡᠮ ᠤᠨ ᠭᠤᠤᠯ ᠴᠣᠭᠴᠠ ᠶᠢᠨ ᠨᠡᠶᠢᠭᠡᠮ ᠤᠨ ᠵᠠᠰᠠᠯᠲᠠ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠵᠤ᠂ ᠠᠷᠠᠳ ᠤᠯᠠᠨ ᠤ ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ ᠳᠦᠷᠢᠮᠵᠢᠭᠰᠡᠨ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠬᠦ ᠬᠡᠷᠡᠭᠲᠡᠢ ᠭᠡᠵᠤ ᠱᠠᠭᠠᠷᠳᠠᠪᠠ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2