ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠳ᠋ᠠᠲ᠋ᠦ᠋ᠩ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/8/22
      8 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠬᠤᠤ ᠮᠠᠨ ᠤ ᠬᠤᠳᠠ ᠶᠢᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠳ᠋ᠠᠲ᠋ᠦ᠋ᠩ ᠬᠤᠳᠠ ᠳᠤ ᠬᠦᠷᠴᠦ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠶᠢ ᠰᠢᠨᠵᠢᠯᠡᠨ ᠪᠠᠶᠢᠴᠠᠭᠠᠵᠤ᠂ ᠬᠤᠶᠠᠷ ᠭᠠᠵᠠᠷ ᠤᠨ ᠨᠥᠬᠦᠷᠯᠡᠯ ᠢ ᠶᠠᠷᠢᠯᠴᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠬᠠᠮᠲᠤᠪᠠᠷ ᠵᠥᠪᠳᠡᠯᠴᠡᠵᠦ᠂ ᠬᠤᠶᠠᠷ ᠭᠠᠵᠠᠷ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠬᠠᠮᠲᠤᠪᠠᠷ ᠰᠦᠪᠡᠭᠴᠢᠯᠡᠪᠡ᠃    ᠱᠠᠨ ᠰᠢ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳ᠋ᠠᠲ᠋ᠦ᠋ᠩ ᠬᠤᠳᠠ ᠶᠢᠨ ᠨᠠᠮ ᠤᠨ ᠬᠤᠷᠢᠶᠠᠨ ᠤ ᠱᠦᠵᠢ ᠯᠦ ᠳ᠋ᠦᠩ ᠯᠢᠶᠠᠩ᠂ ᠳ᠋ᠠᠲ᠋ᠦ᠋ᠩ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠠᠩ ᠴᠢᠶᠠᠩ ᠵᠡᠷᠭᠡ ᠬᠤᠳᠠ ᠶᠢᠨ ᠤᠳᠤᠷᠢᠳᠤᠯᠭ᠎ᠠ ᠬᠠᠮᠲᠤ ᠣᠷᠣᠯᠴᠠᠪᠠ᠃    ᠲᠥᠯᠥᠭᠡᠯᠡᠭᠴᠢᠳ ᠤᠨ ᠪᠦᠯᠬᠦᠮ ᠤᠨ ᠬᠢᠨ ᠤᠷᠢᠳ ᠬᠤᠵᠢᠳ ᠳ᠋ᠠᠲ᠋ᠦ᠋ᠩ ᠶᠢᠨ ᠬᠤᠷᠳᠤᠴᠠᠲᠤ ᠨᠢᠰᠬᠦ ᠲᠡᠷᠭᠡᠨ ᠤ ᠲᠦᠷᠦᠯ ᠵᠦᠢᠯ ᠤᠨ ᠬᠡᠯᠲᠡᠰ᠂ ᠶᠦᠨᠵᠸᠤ ᠲᠣᠭᠤᠷᠢᠭ ᠤᠨ ᠲᠠᠩ ᠵᠢᠶᠠ ᠪᠦᠦ ᠶᠢᠨ ᠬᠤᠸᠠᠩ ᠬᠤᠸᠠ ᠰᠠᠭᠤᠷᠢᠨ ᠤ ᠭᠠᠵᠠᠷ᠂ ᠳ᠋ᠠᠲ᠋ᠦ᠋ᠩ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠢᠨ᠎ᠡ ᠶᠢ ᠡᠭᠦᠳᠬᠦ ᠦᠵᠡᠭᠦᠯᠦᠯᠭᠡ ᠶᠢᠨ ᠲᠢᠩᠬᠢᠮ᠂ ᠵᠢᠩ ᠳ᠋ᠦᠩ ᠪᠠᠷᠠᠭᠠᠨ ᠤ ᠭᠦᠢᠯᠭᠡᠭᠡ ︵ᠳ᠋ᠠᠲ᠋ᠦ᠋ᠩ︶ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠲᠥᠪ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠪᠥᠭᠡᠳ ᠪᠠᠰᠠ ᠳ᠋ᠠᠲ᠋ᠦ᠋ᠩ ᠬᠤᠲᠠ ᠶᠢᠨ ᠮᠦᠽᠧᠢ᠂ ᠡᠷᠲᠡᠨ ᠤ ᠬᠤᠲᠠ ᠶᠢ ᠲᠣᠭᠤᠷᠢᠨ ᠦᠵᠡᠪᠡ᠃    ᠯᠦ ᠳ᠋ᠦᠩ ᠯᠢᠶᠠᠩ ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳ᠋ᠠᠲ᠋ᠦ᠋ᠩ ᠬᠤᠳᠠ ᠪᠣᠯᠣᠨ ᠤᠯᠠᠭᠠᠨᠴᠠᠪ ᠬᠤᠳᠠ ᠶᠢᠨ ᠭᠠᠵᠠᠷ ᠨᠤᠲᠤᠭ ᠣᠶᠢᠷᠠᠯᠴᠠᠭ᠎ᠠ᠂ ᠰᠣᠶᠣᠯ ᠢᠷᠭᠡᠨᠰᠢᠯ ᠤᠨ ᠬᠠᠷᠢᠴᠠᠭ᠎ᠠ᠂ ᠶᠠᠪᠤᠯᠴᠠᠭ᠎ᠠ ᠨᠢᠭᠲᠠ᠂ ᠡᠬᠢ ᠰᠤᠷᠪᠤᠯᠵᠢ ᠭᠦᠨ ᠵᠤᠵᠠᠭᠠᠨ ᠶᠤᠮ᠂ ᠣᠨᠴᠠᠭᠠᠶᠢᠯᠠᠨ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠨᠢ ᠮᠠᠰᠢ ᠥᠨᠳᠥᠷ ᠬᠠᠮᠵᠢᠯᠴᠠᠬᠤ ᠴᠢᠨᠠᠷ ᠪᠠ ᠬᠠᠷᠢᠯᠴᠠᠨ ᠨᠥᠬᠦᠪᠦᠷᠢᠯᠡᠬᠦ ᠴᠢᠨᠠᠷ ᠲᠠᠢ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠢ ᠮᠠᠰᠢ ᠥᠷᠭᠡᠨ ᠠᠭᠤᠳᠠᠮ ᠶᠤᠮ᠂ ᠬᠤᠶᠠᠷ ᠬᠤᠳᠠ ᠶᠢᠨ ᠬᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃   ᠰᠦᠢ ᠸᠧᠢ ᠵᠢᠶᠦ᠋ᠨ᠂ ᠳ᠋ᠠᠲ᠋ᠦ᠋ᠩ ᠬᠤᠳᠠ ᠶᠢᠨ ᠲᠡᠦᠬᠡ ᠥᠨᠢ ᠤᠳᠠᠭᠠᠨ᠂ ᠡᠬᠢ ᠪᠠᠶᠠᠯᠢᠭ ᠡᠯᠪᠡᠭ᠂ ᠣᠷᠣᠨ ᠪᠠᠶᠢᠷᠢ ᠳᠠᠪᠠᠭᠤᠯᠢᠭ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠳᠠᠯ ᠴᠢᠩᠭ᠎ᠠ ᠬᠦᠴᠦᠲᠡᠢ ᠪᠠᠶᠢᠨ᠎ᠠ᠂ ᠣᠨᠴᠠᠭᠠᠶᠢᠯᠠᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ ᠲᠤᠷᠰᠢᠯᠭ᠎ᠠ ᠠᠷᠭ᠎ᠠ ᠬᠢᠳᠡᠯ᠂ ᠡᠷᠲᠡᠨ ᠤ ᠬᠤᠳᠠ ᠶᠢᠨ ᠰᠣᠶᠣᠯ ᠤᠨ ᠬᠠᠮᠠᠭᠠᠯᠠᠯᠲᠠ ᠵᠢᠴᠢ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠡᠷᠢᠭᠦᠨ ᠤ ᠣᠶᠢᠯᠠᠭᠠᠭᠳᠠᠬᠤᠨ ᠢ ᠪᠢᠳᠡ ᠴᠥᠮ ᠰᠤᠷᠤᠯᠴᠠᠨ ᠲᠣᠯᠢᠯᠠᠭᠤᠰᠢᠲᠠᠢ ᠶᠤᠮ᠃ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠬᠤᠳᠠ ᠶᠢᠨ ᠡᠬᠢ ᠪᠠᠶᠠᠯᠢᠭ ᠤᠨ ᠤᠭ ᠰᠤᠷᠪᠤᠯᠵᠢ ᠪᠣᠯᠣᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠲᠤᠰ ᠲᠤᠰ ᠤᠨ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠰᠣᠯᠢᠯᠴᠠᠭ᠎ᠠ ᠪᠠᠨ ᠨᠡᠮᠡᠭᠳᠡᠭᠦᠯᠵᠦ᠂ ᠬᠠᠷᠢᠯᠴᠠᠨ ᠰᠤᠷᠤᠯᠴᠠᠵᠥ ᠬᠠᠷᠢᠯᠴᠠᠨ ᠲᠣᠯᠢ ᠪᠣᠯᠭᠠᠵᠤ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠠᠮᠲᠤᠷᠠᠯᠴᠠᠨ ᠬᠥᠭᠵᠢᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃                                    ᠣᠷᠴᠢᠭᠤᠯᠤᠭᠴᠢ᠄ ᠭᠤᠸ᠎ᠠ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2