ᠵᠢᠨᠢᠩ ᠲᠣᠭᠤᠷᠢᠭ ᠤᠨ ᠡᠮᠴᠢᠯᠡᠬᠡᠨ ᠤ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠫᠠᠶᠢᠰᠠ ᠰᠡᠬᠦᠬᠦ ᠶᠣᠰᠣᠯᠠᠯ ᠭᠤᠷᠪᠠᠳᠤᠭᠠᠷ ᠡᠮᠨᠡᠯᠭᠡ ᠶᠢᠨ ᠬᠤᠷᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/22
    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠬᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ ᠤᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠫᠠᠶᠢᠰᠠ ᠰᠡᠬᠦᠬᠦ ᠶᠣᠰᠣᠯᠠᠯ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃     ᠲᠤᠰ ᠤᠳᠠᠭᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠫᠠᠶᠢᠰᠠ ᠡᠯᠭᠦᠨ ᠠᠵᠢᠯᠯᠠᠵᠤ᠂ ᠡᠨᠡ ᠨᠢ ᠵᠢᠨᠢᠩ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠰᠢᠨ᠎ᠡ ᠨᠢᠭᠡᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠂ ᠵᠢᠨᠢᠩ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠭᠤᠯᠤᠮᠵᠢ ᠪᠠ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠵᠦ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠬᠢᠷᠢ ᠲᠦᠪᠰᠢᠨ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠴᠦ ᠤᠯᠠᠮ ᠨᠢᠭᠡ ᠠᠯᠬᠤᠮ ᠳᠡᠭᠡᠭᠰᠢᠯᠡᠵᠦ᠂ ︽ᠪᠠᠭ᠎ᠠ ᠡᠪᠡᠳᠴᠢᠨ ᠲᠣᠰᠬᠤᠨ ᠠᠴᠠ ᠭᠠᠷᠬᠤ ᠦᠭᠡᠢ᠂ ᠪᠠᠶᠢᠩᠭᠤ ᠲᠣᠬᠢᠶᠠᠯᠳᠤᠳᠠᠭ ᠡᠪᠡᠳᠴᠢᠨ ᠰᠢᠶᠠᠩ ︵ᠪᠠᠯᠭᠠᠰᠤ᠂ ᠨᠡᠶᠢᠭᠡᠮ ᠲᠣᠭᠤᠷᠢᠭ︶ ᠠᠴᠠ ᠭᠠᠷᠬᠤ ᠦᠭᠡᠢ᠂ ᠬᠦᠨᠳᠦ ᠡᠪᠡᠳᠴᠢᠨ ᠵᠢᠨᠢᠩ ᠲᠣᠭᠤᠷᠢᠭ ᠠᠴᠠ  ᠭᠠᠷᠬᠤ ᠦᠭᠡᠢ᠂ ᠬᠦᠴᠢᠷ ᠲᠦᠪᠡᠭᠲᠡᠢ ᠬᠦᠨᠳᠦ ᠡᠪᠡᠳᠴᠢᠨ ᠢ ᠳᠠᠭᠢᠵᠤ ᠰᠢᠯᠵᠢᠭᠦᠯᠦᠨ ᠡᠮᠨᠡᠭᠦᠯᠬᠦ︾ ᠡᠪᠡᠳᠴᠢᠨ ᠦᠵᠡᠭᠦᠯᠬᠦ ᠰᠢᠨ᠎ᠡ ᠵᠠᠭᠪᠤᠷ ᠢ ᠪᠡᠶᠡᠯᠡᠭᠦᠯᠵᠦ᠂ ᠵᠢᠨᠢᠩ ᠲᠣᠭᠤᠷᠢᠭ ᠤᠨ ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠶᠢᠨ ᠲᠠᠯ᠎ᠠ ᠪᠠᠷ ᠬᠢ ᠣᠯᠠᠨ ᠲᠠᠰ ᠳᠠᠪᠬᠤᠷᠭ᠎ᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠬᠠᠮᠲᠤ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠂ ᠮᠡᠷᠭᠡᠵᠢᠯ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠬᠢ ᠶᠠᠰᠤ ᠴᠢᠨᠠᠷ ᠤᠨ ᠦᠰᠦᠷᠦᠯᠲᠡ ᠶᠢ ᠲᠦᠯᠬᠢᠨ ᠠᠬᠢᠭᠤᠯᠬᠤ ᠪᠣᠯᠣᠨ᠎ᠠ᠃                                ᠤᠷᠴᠢᠭᠤᠯᠤᠭᠴᠢ᠄ ᠬᠦᠰᠡᠯ                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2