| | ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2023﹈ 27 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠤᠯᠠᠭᠠᠨᠴᠠᠪ ᠬᠤᠲᠠ ᠶᠢᠨ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ ᠳᠠᠬᠢᠨ | ᠠᠰᠢᠭᠯᠠᠬᠤ ᠶᠢ ᠵᠣᠷᠢᠭᠵᠢᠭᠤᠯᠬᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ︾ ᠶᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2023 ᠣᠨ ᠤ 5 ᠰᠠᠷ᠎ᠠ ᠶᠢᠨ 24 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠬᠤᠷᠢᠶᠠᠨ ᠠᠪᠴᠦ ᠳᠠᠬᠢᠨ ᠠᠰᠢᠭᠯᠠᠬᠤ ᠶᠢ | ᠵᠣᠷᠢᠭᠵᠢᠭᠤᠯᠵᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠦᠷᠦ ᠶᠢᠨ ᠪᠣᠳᠣᠯᠭ᠎ᠠ | ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠬᠦ ᠶᠢᠨ ᠲᠥᠯᠥᠭᠡ᠂ ᠡᠬᠢ ᠪᠠᠶᠠᠯᠢᠭ ᠢ ᠠᠷᠪᠢᠲᠠᠢ ᠡᠷᠴᠢᠮᠯᠢᠭ | ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ | ᠳᠠᠮᠵᠢᠭᠤᠯᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠶᠢ ᠰᠠᠭᠠᠷᠮᠠᠭᠵᠢᠯᠠᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ | ᠣᠷᠣᠨ ᠤ ︽ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠳᠤᠭᠤᠰᠢᠯᠠᠭᠤᠯᠤᠨ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠲᠠᠢ ᠡᠷᠴᠢᠮᠯᠢᠭ ᠪᠠᠶᠢᠯᠭᠠᠬᠤ ᠶᠢ | ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠬᠢᠭᠡᠳ ᠮᠠᠨ ᠤ ᠬᠤᠳᠠ ᠶᠢᠨ ᠬᠠᠮᠢᠶ᠎ᠠ ᠪᠦᠬᠦᠢ ᠲᠥᠬᠦᠷ | ᠪᠢᠴᠢᠭ ᠮᠠᠲ᠋ᠧᠷᠢᠶᠠᠯ ᠦᠨᠳᠦᠰᠦᠯᠡᠨ᠂ ᠡᠳᠦᠭᠡ ᠮᠠᠨ ᠤ ᠬᠤᠳᠠ ᠶᠢᠨ ᠬᠠᠶᠠᠭᠳᠠᠮᠠᠯ ᠬᠠᠭᠤᠴᠢᠨ ᠪᠣᠯᠣᠳ ᠲᠡᠮᠦᠷ ᠢ | ᠡᠭᠡᠭᠦᠯᠦᠨ ᠬᠤᠷᠢᠶᠠᠵᠤ ᠲᠡᠬᠢᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠲᠤᠬᠠᠢ ᠮᠠᠨ ᠤ | ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠲᠡᠳᠬᠦᠬᠦ ᠲᠥᠷᠥ ᠶᠢᠨ ᠪᠣᠳᠣᠯᠭ᠎ᠠ ᠶᠢ | ᠲᠣᠭᠲᠠᠭᠠᠪᠠ᠃ | ᠨᠢᠭᠡ᠂ ᠬᠡᠷᠡᠭᠯᠡᠬᠦ ᠡᠲᠡᠭᠡᠳ᠃ ᠮᠠᠨ ᠤ ᠬᠤᠲᠠ ᠶᠢᠨ ᠣᠷᠣᠨ ᠪᠦᠰᠡ ᠶᠢᠨ ᠬᠡᠪᠴᠢᠶᠡᠨ ᠳᠤ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠵᠤ᠂ ᠬᠠᠤᠯᠢ | ᠶᠣᠰᠣᠭᠠᠷ ᠳᠠᠩᠰᠠᠯᠠᠭᠤᠯᠤᠨ ᠪᠠᠶᠢᠭᠤᠯᠵᠤ᠂ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ | ᠰᠢᠢᠳᠪᠦᠷᠢᠯᠡᠬᠦ ᠪᠣᠷᠤᠯᠠᠭᠤᠯᠭ᠎ᠠ ᠶᠢᠨ ᠲᠤᠬᠠᠶᠢᠯᠠᠭᠰᠠᠨ ᠠᠵᠢᠯ ᠢ ᠡᠷᠭᠢᠯᠡᠨ ᠬᠢᠵᠦ᠂ ᠦᠢᠯᠡᠳᠬᠦᠨ ᠨᠢ ᠮᠡᠷᠭᠡᠵᠢᠯ ᠤᠨ | ᠪᠠᠷᠢᠮᠵᠢᠶ᠎ᠠ ᠪᠠ ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠰᠡᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ | ᠪᠣᠯᠬᠤ ᠠᠵᠤ ᠠᠬᠤᠶᠢᠯᠠᠯ ᠪᠣᠯᠣᠨ᠎ᠠ᠃ | ᠬᠤᠶᠠᠷ᠂ ᠵᠣᠷᠢᠭᠵᠢᠭᠤᠯᠬᠤ ᠲᠦᠷᠦ ᠶᠢᠨ ᠪᠣᠳᠣᠯᠭ᠎ᠠ᠃ ᠬᠠᠶᠠᠭᠳᠠᠮᠠᠯ ᠬᠠᠭᠤᠴᠢᠨ ᠪᠣᠯᠣᠳ ᠲᠡᠮᠦᠷ ᠢ | ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠵᠣᠬᠢᠬᠤ ᠪᠠᠷᠢᠮᠵᠢᠶ᠎ᠠ ᠪᠠᠷ ᠬᠤᠲᠠ ᠰᠢᠶᠠᠨ ᠬᠤᠶᠠᠷ ᠱᠠᠲᠤᠨ ᠤ | ᠶᠡᠷᠦᠩᠬᠡᠶᠢᠯᠡᠭᠰᠡᠨ ᠠᠵᠤ ᠠᠬᠤᠢ ᠳᠤ ᠦᠵᠡᠭᠦᠯᠦᠭᠰᠡᠨ ᠰᠢᠭᠤᠳ ᠬᠤᠪᠢ ᠨᠡᠮᠡᠷᠢ ᠶᠢ ᠲᠥᠰᠥᠭᠡᠯᠡᠨ ᠪᠤᠳᠤᠬᠤ ᠶᠢ | ᠦᠨᠳᠦᠰᠦᠯᠡᠨ᠂ ᠲᠣᠰ ᠲᠣᠰ 85% ᠶᠢᠨ ᠲᠡᠳᠬᠦᠮᠵᠢ ᠶᠢᠨ ᠱᠠᠩᠨᠠᠯ ᠣᠯᠭᠤᠨ᠎ᠠ᠃ ᠡᠭᠦᠨ ᠤ ᠬᠠᠮᠲᠤ᠂ | ᠬᠤᠲᠠ ᠶᠢᠨ ᠱᠠᠲᠤᠨ ᠤ ᠰᠢᠭᠤᠳ ᠬᠤᠪᠢ ᠨᠡᠮᠡᠷᠢ ᠦᠵᠡᠭᠦᠯᠦᠭᠰᠡᠨ ᠦᠯᠡᠳᠡᠭᠰᠡᠨ 15% ᠶᠢᠨ 1/3 ᠶᠢ ᠪᠠᠶᠢᠭ᠎ᠠ | ᠬᠤᠰᠢᠭᠤ ᠰᠢᠶᠠᠨ ᠤ ᠡᠳ᠋ ᠤᠨ ᠵᠠᠰᠠᠭ ᠲᠤ ᠲᠤᠰᠬᠠᠢ ᠵᠦᠢᠯ ᠢᠶᠠᠷ ᠪᠠᠭᠤᠯᠭᠠᠵᠤ᠂ ᠬᠤᠰᠢᠭᠤ ᠰᠢᠶᠠᠨ ᠤ ᠬᠠᠮᠢᠶ᠎ᠠ | ᠪᠦᠬᠦᠢ ᠠᠵᠤ ᠦᠢᠯᠡᠰ ᠤᠨ ᠬᠥᠭᠵᠢᠯᠲᠡ ᠪᠠᠨ ᠲᠦᠷᠭᠡᠳᠬᠡᠬᠦ ᠶᠢ ᠵᠣᠷᠢᠭᠵᠢᠭᠤᠯᠬᠤ ᠳᠤ ᠬᠡᠷᠡᠭᠯᠡᠨ᠎ᠡ᠃ | ᠭᠤᠷᠪᠠ᠂ ᠭᠦᠢᠴᠡᠳᠬᠡᠬᠦ ᠲᠡᠰ ᠳᠠᠷᠠᠭᠠᠯᠠᠯ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠠᠷᠢᠶ᠎ᠠ | ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠳ ᠬᠠᠷᠢᠭᠤᠴᠠᠵᠤ ᠬᠠᠮᠵᠢᠯᠴᠠᠨ ᠰᠠᠭᠤᠷᠢ ᠠᠵᠢᠯ ᠢ ᠰᠠᠶᠢᠲᠤᠷ ᠬᠢᠵᠦ᠂ | ᠵᠠᠷᠴᠢᠮ ᠳᠡᠭᠡᠷ᠎ᠡ ᠪᠠᠨ ᠤᠯᠠᠷᠢᠯ ᠪᠦᠷᠢ ᠳᠤ ᠨᠢᠭᠡ ᠤᠳᠠᠭ᠎ᠠ ᠲᠥᠰᠥᠭᠡᠯᠡᠨ ᠪᠤᠳᠤᠵᠤ᠂ 15 ᠡᠳᠦᠷ ᠤᠨ ᠳᠣᠲᠣᠷ᠎ᠠ | ᠪᠡᠶᠡᠯᠡᠭᠦᠯᠦᠨ᠎ᠡ᠃ ᠡᠭᠦᠨ ᠳᠤ᠄ ᠬᠤᠲᠠ ᠶᠢᠨ ᠲᠣᠰ ᠱᠠᠲᠤᠨ ᠤ ᠡᠭᠦᠷᠭᠡᠯᠡᠬᠦ ᠳᠤ ᠬᠤᠯᠪᠣᠭᠳᠠᠬᠤ ᠲᠡᠳᠬᠦᠨ ᠳᠡᠮᠵᠢᠬᠦ | ᠪᠡᠯᠡ ᠮᠥᠩᠭᠦ ᠶᠢ ᠤᠷᠢᠳᠠᠪᠠᠷ ᠬᠤᠰᠢᠭᠤ ᠰᠢᠶᠠᠨ ᠬᠤᠲᠠ ᠲᠣᠭᠤᠷᠢᠭ ᠤᠨ ᠡᠳ᠋ ᠤᠨ ᠵᠠᠰᠠᠭ ᠠᠴᠠ ᠬᠠᠮᠲᠤ ᠳᠤᠨᠢ | ᠣᠷᠣᠯᠠᠨ ᠥᠭᠴᠦ ᠪᠡᠯᠡᠨ ᠵᠣᠭᠤᠰ ᠪᠣᠯᠭᠠᠵᠤ᠂ ᠵᠢᠯ ᠤᠨ ᠡᠴᠦᠰ ᠲᠤ ᠳ᠋ᠦᠩᠨᠡᠨ ᠪᠤᠳᠤᠬᠤ ᠦᠶ᠎ᠡ ᠳᠤ ᠬᠤᠲᠠ ᠶᠢᠨ | ᠲᠣᠰ ᠱᠠᠲᠤᠨ ᠤ ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠯᠲᠡ ᠶᠢ ᠳᠡᠮᠵᠢᠬᠦ ᠬᠡᠰᠡᠭ ᠲᠠᠢ ᠬᠠᠮᠲᠤ ᠳᠤᠨᠢ᠂ | ᠵᠢᠯ ᠤᠨ ᠡᠴᠦᠰ ᠲᠤ ᠳᠡᠭᠡᠳᠦ ᠳᠣᠣᠷᠠᠳᠤ ᠱᠠᠲᠤᠨ ᠤ ᠡᠳ᠋ ᠤᠨ ᠵᠠᠰᠠᠭ ᠢᠶᠠᠷ ᠳᠡᠮᠵᠢᠨ ᠲᠤᠰᠠᠭᠠᠷ ᠳ᠋ᠦᠩᠨᠡᠨ ᠪᠤᠳᠤᠨ᠎ᠠ | ᠃ | ᠳᠥᠷᠪᠡ᠂ ᠬᠤᠯᠪᠣᠭᠳᠠᠯ ᠪᠦᠬᠦᠢ ᠵᠦᠢᠯᠡᠰ | ᠲᠣᠰ ᠲᠥᠷᠥ ᠶᠢᠨ ᠪᠣᠳᠣᠯᠭ᠎ᠠ ᠶᠢ 2023 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ ᠪᠣᠯᠣᠨ᠎ᠠ᠃ ᠬᠤᠲᠠ ᠶᠢᠨ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠵᠢᠯ ᠨᠢᠭᠡᠲᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠲᠠᠢ | ᠬᠠᠮᠲᠤ ᠪᠠᠷ ᠬᠠᠷᠢᠭᠤᠴᠠᠨ ᠲᠠᠶᠢᠯᠪᠤᠷᠢᠯᠠᠨ᠎ᠠ᠃ ᠬᠡᠷᠡᠭᠵᠢᠭᠦᠯᠬᠦ ᠬᠤᠭᠤᠴᠠᠭᠠᠨ ᠳᠤ ᠬᠡᠷᠪᠡ ᠤᠯᠤᠰ ᠤᠨ ᠲᠥᠷᠥ ᠶᠢᠨ | ᠪᠣᠳᠣᠯᠭ᠎ᠠ ᠶᠢᠨ ᠬᠤᠪᠢᠷᠠᠯᠲᠠ ᠲᠣᠬᠢᠶᠠᠯᠳᠤᠪᠠᠯ ᠠᠰ ᠲᠤᠨᠢ ᠲᠣᠬᠢᠷᠠᠭᠤᠯᠤᠯᠲᠠ ᠬᠢᠨ᠎ᠡ᠃ | | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |