ᠰᠦᠢ ᠸᠧᠢ ᠵᠢᠶᠦ᠋ᠨ ᠯᠢᠶᠡᠩᠴᠧᠩ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠰᠦ ᠶᠢᠨ ᠢᠷᠡᠯᠲᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/23
    8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠯᠢᠶᠡᠩᠴᠧᠩ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠪᠠ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠠᠵᠢᠯᠯᠠᠵᠤ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃     ᠰᠤ᠋ ᠢ ᠲᠣᠰᠬᠤᠨ᠂ ᠰᠢ ᠰᠢᠶᠠᠩ ᠲᠣᠰᠬᠤᠨ ᠳᠤ᠂ ᠰᠦᠢ ᠸᠧᠢ ᠵᠢᠶᠦ᠋ᠨ ᠲᠤᠬᠠᠢ ᠶᠢᠨ ᠭᠠᠵᠠᠷ ᠲᠤᠨᠢ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠪᠠᠶᠢᠳᠠᠯ ᠢ ᠣᠶᠢᠯᠠᠭᠠᠭᠰᠠᠨ ᠪᠥᠭᠡᠳ ᠡᠷᠦᠬᠡ ᠳᠤ ᠬᠦᠷᠴᠦ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠲᠡᠰ ᠳᠡᠪᠰᠢᠭᠦᠯᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠰᠦᠢ ᠸᠧᠢ ᠵᠢᠶᠦ᠋ᠨ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠳᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠴᠢᠩᠭ᠎ᠠ ᠬᠢᠨᠠᠯᠲᠠ ᠲᠠᠯᠪᠢᠨ ᠰᠢᠯᠭᠠᠨ ᠬᠤᠷᠢᠶᠠᠵᠤ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠠᠷᠢᠭᠤᠨ ᠴᠡᠪᠡᠷ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠢᠨᠵᠧᠨᠧᠷᠢᠩ ᠢ ᠴᠢᠨᠠᠷ ᠰᠠᠶᠢᠲᠠᠢ ᠠᠬᠢᠭᠤᠯᠵᠤ᠂ ᠡᠯ᠎ᠡ ᠲᠦᠷᠦᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠦᠨᠡᠨᠬᠦ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠱᠧᠨ ᠨᠢᠦ ᠶᠦᠨ ᠬᠠᠢ ᠬᠢᠵᠠᠭᠠᠷᠲᠤ ᠺᠣᠮᠫᠠᠨᠢ ᠪᠣᠯᠣᠨ ᠣᠲᠣ ᠦᠶ᠎ᠡ ᠶᠢᠨ ᠰᠦ ᠶᠢᠨ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠢ ᠶᠢᠨ ᠲᠠᠯᠠᠪᠤᠷ ᠲᠤ ᠰᠦᠢ ᠸᠧᠢ ᠵᠢᠶᠦ᠋ᠨ᠂ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠬᠡᠷᠡᠭᠴᠡᠭᠡ ᠪᠠᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠢᠯᠡᠳᠬᠦᠨ ᠤ ᠤᠬᠠᠭᠤᠯᠭ᠎ᠠ ᠶᠢ ᠰᠠᠶᠢᠲᠤᠷ ᠬᠢᠵᠦ᠂ ︽ᠣᠣᠷ ᠠᠮᠲᠠᠲᠤ ᠤᠯᠠᠭᠠᠨᠴᠠᠪ︾ ᠤᠨ ᠨᠠᠷᠠᠲᠤ ᠲᠡᠮᠳᠡᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ ᠡᠵᠡᠯᠡᠬᠦ ᠨᠣᠷᠮ᠎ᠠ ᠶᠢ ᠥᠷᠭᠡᠳᠬᠡᠬᠦ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠤᠳᠤ ᠦᠶ᠎ᠡ ᠶᠢᠨ ᠰᠦ ᠶᠢᠨ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠵᠤ᠂ ᠦᠢᠯᠡᠳᠬᠦᠨ ᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠨ ᠤ ᠬᠤᠳᠠ ᠶᠢᠨ ᠰᠦ ᠶᠢᠨ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃    150 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠰᠦᠢ ᠸᠧᠢ ᠵᠢᠶᠦ᠋ᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠵᠤ᠂ ᠰᠠᠯᠬᠢᠨ ᠬᠡᠷᠡᠯ ᠸᠣᠯᠲ ᠤᠰᠤᠲᠥ᠋ᠷᠥᠭᠴᠢ ᠨᠥᠭᠡᠴᠡ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃     ᠯᠢᠦ ᠭᠦᠸᠧ ᠭᠠᠩ᠂ ᠯᠢ ᠵᠢᠶᠠᠨ ᠵᠢᠶᠦ᠋ᠨ᠂ ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2