ᠵᠢᠨᠢᠩ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/23
    8 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ᠃     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠯᠢᠩ ᠬᠤᠩ ᠪᠥᠸᠧ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠭᠠᠨᠴᠠᠪ ᠬᠤᠳᠠ ᠶᠢᠨ ᠦᠢᠯᠡᠳᠦᠯᠭᠡ ᠶᠢᠨ ᠠᠷᠭ᠎ᠠ ᠵᠠᠮ ᠢ ᠭᠦᠨᠵᠡᠭᠡᠢ ᠲᠠᠶᠢᠯᠪᠤᠷᠢᠯᠠᠪᠠ᠃ ᠪᠦᠬᠦ ᠲᠠᠯᠠᠪᠤᠷ ᠤᠨ ᠤᠬᠠᠭᠤᠯᠤᠨ ᠲᠠᠶᠢᠯᠪᠤᠷᠢᠯᠠᠯᠲᠠ ᠶᠢᠨ ᠭᠤᠣᠯ ᠰᠡᠳᠦᠪ ᠨᠢ ᠢᠯᠡ ᠲᠣᠳᠣ᠂ ᠠᠭᠤᠯᠤᠭᠳᠠᠬᠤᠨ ᠨᠢ ᠪᠠᠶᠠᠯᠢᠭ᠂ ᠰᠢᠰᠲ᠋ᠧᠮ ᠨᠢ ᠪᠦᠬᠦ ᠲᠠᠯ᠎ᠠ ᠶᠢᠨ ᠪᠠᠶᠢᠵᠤ᠂ ᠵᠢᠨᠢᠩ ᠲᠣᠭᠤᠷᠢᠭ ᠤᠨ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠡᠩ ᠭᠦᠨᠵᠡᠭᠡᠢ ᠣᠶᠢᠯᠠᠭᠠᠬᠤ᠂ ᠤᠨᠢᠨ ᠳᠡᠭᠡᠷ᠎ᠡ ᠨᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠭᠯᠡᠯ ᠪᠠ ᠰᠡᠳᠬᠢᠴᠡ ᠬᠠᠩᠭᠠᠵᠠᠢ᠃     ᠬᠤᠷᠠᠯ ᠠᠴᠠ᠂ ᠪᠦᠬᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠵᠤ᠂ ᠦᠢᠯᠡᠳᠦᠯᠭᠡ ᠶᠢᠨ ᠠᠵᠢᠯ ᠤᠨ ᠠᠷᠭ᠎ᠠ ᠵᠠᠮ ᠢ ᠦᠨᠡᠨᠬᠦ ᠰᠠᠶᠢᠲᠤᠷ ᠰᠦᠪᠡᠭᠴᠢᠯᠡᠵᠦ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2