ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/25
    8 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠯᠢᠶᠠᠩ ᠤᠨ ᠨᠠᠶᠢᠳᠠᠯᠭ᠎ᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠦ᠋ ᠢᠦᠢ ᠯᠢᠶᠠᠩ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ 7 ᠰᠠᠷ᠎ᠠ ᠶᠢᠨ 24 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ᠃     ᠬᠤᠷᠠᠯ ᠠᠴᠠ᠂ ᠠᠵᠢᠯ ᠤᠨ ᠬᠢᠨᠠᠯᠲᠠ ᠶᠢ ᠴᠢᠩᠭᠠᠳᠬᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠪᠠᠷ ᠬᠦᠴᠦ ᠨᠡᠮᠡᠷᠢᠯᠡᠬᠦ ᠬᠡᠷᠡᠭᠲᠡᠢ᠃ ︽ᠬᠤᠶᠠᠷ ᠬᠠᠯᠬᠠᠪᠴᠢ︾  ᠶᠢ ᠪᠠᠲᠤ ᠴᠣᠭᠴᠠᠯᠠᠬᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠭᠤᠷᠪᠠᠨ ᠤᠮᠠᠷᠠᠲᠤ︾  ᠶᠢᠨ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠬᠠᠤᠯᠢᠵᠢᠯ ᠤᠨ ᠬᠠᠩᠭᠠᠯᠭ᠎ᠠ ᠪᠣᠯᠣᠨ ᠠᠵᠢᠯ ᠤᠨ ᠬᠢᠨᠠᠯᠲᠠ ᠶᠢ ᠴᠢᠩᠭᠠᠳᠬᠠᠵᠤ᠂ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠭᠤᠣᠯ ᠰᠡᠳᠦᠪᠲᠦ ᠬᠥᠮᠦᠵᠢᠯ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠣᠳᠠᠲᠠᠢ ᠠᠵᠢᠯ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠤᠨᠤᠯ ᠤᠨ ᠵᠡᠪᠰᠡᠭᠲᠦ ᠬᠦᠴᠦᠨ ᠪᠠ ᠠᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2