| | ᠣᠳᠣᠬᠠᠨ ᠳᠤ᠂ ᠯᠢᠶᠠᠩᠴᠧᠩ ᠰᠢᠶᠠᠨ ᠤ ᠡᠯ᠎ᠡ ᠰᠢᠶᠠᠩ ᠪᠠᠯᠭᠠᠰᠤᠨ ᠤ ᠰᠢᠨ᠎ᠡ ᠰᠣᠷᠭᠤᠭ ᠢᠳᠡᠭᠡᠨ ᠤ ᠡᠷᠳᠡᠨᠢ | ᠰᠢᠰᠢ ᠲᠠᠷᠢᠬᠤ ᠠᠵᠢᠯ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠵᠤ᠂ ᠳᠠᠷᠢᠶᠠᠨ ᠭᠠᠵᠠᠷ ᠤᠨ ᠳᠤᠮᠳᠠ ᠨᠢᠳᠦ | ᠳᠦᠬᠦᠷᠮᠡ ᠠᠯᠲᠠᠨ ᠰᠢᠷᠭᠠᠯ ᠥᠩᠭᠡ ᠪᠠᠶᠢᠵᠤ᠂ ᠨᠠᠮᠤᠷ ᠤᠨ ᠬᠠᠮᠤᠭ ᠤᠨ ᠰᠠᠶᠢᠬᠠᠨ ᠡᠯᠪᠡᠭ ᠬᠤᠷᠢᠶᠠᠯᠲᠠ ᠶᠢᠨ | ᠵᠢᠷᠤᠭ ᠢ ᠵᠢᠷᠤᠭᠯᠠᠵᠠᠢ᠃ | ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ ᠳᠤ ᠡᠨᠡ ᠵᠢᠯ | ᠨᠡᠶᠢᠳᠡ 400 ᠭᠠᠷᠤᠢ ᠮᠦ ᠵᠢᠮᠢᠰ ᠤᠨ ᠡᠷᠳᠡᠨᠢ ᠰᠢᠰᠢ ᠲᠠᠷᠢᠵᠦ᠂ ᠮᠦ ᠪᠦᠷᠢ ᠳᠤ 1.2 ᠲᠣᠨ ᠣᠷᠴᠢᠮ | ᠭᠠᠷᠤᠯᠲᠠ ᠲᠠᠢ ᠪᠣᠯᠵᠠᠢ᠃ ᠤᠳᠤ ᠡᠷᠳᠡᠨᠢ ᠰᠢᠰᠢ ᠨᠢᠭᠡᠨᠲᠡ ᠶᠡᠭᠡ ᠬᠡᠪᠴᠢᠶ᠎ᠡ ᠪᠠᠷ ᠪᠣᠯᠪᠠᠰᠤᠷᠠᠵᠤ᠂ ᠡᠳᠦᠷ ᠪᠦᠷᠢ | 120 ᠭᠠᠷᠤᠢ ᠬᠦᠯᠦᠰᠦᠯᠡᠭᠰᠡᠨ ᠲᠣᠰᠬᠤᠨ ᠤ ᠠᠷᠠᠳ ᠢᠷᠡᠵᠤ ᠲᠡᠭᠦᠵᠦ᠂ ᠲᠡᠷᠭᠡᠨ ᠳᠤ ᠳᠡᠭᠡᠭᠡᠭᠰᠡᠨ ᠤ ᠲᠠᠷᠠᠭ᠎ᠠ | ᠪᠦᠬᠦᠨ ᠢ ᠡᠾᠧᠪᠸᠢ ᠶᠢᠨ ᠲᠠᠩᠱᠠᠨ᠂ ᠴᠢᠨ ᠬᠤᠸᠠᠩ ᠳ᠋ᠣᠣ᠂ ᠱᠠᠨᠳᠦ᠋ᠩ ᠵᠡᠷᠭᠡ ᠭᠠᠵᠠᠷ ᠲᠤ ᠶᠠᠪᠤᠭᠤᠯᠵᠠᠢ᠃ | ᠡᠨᠡ ᠵᠢᠯ᠂ ᠯᠢᠶᠡᠩᠴᠧᠩ ᠰᠢᠶᠠᠨ ᠤ ᠰᠢᠬᠢᠷᠯᠢᠭ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠶ ᠨᠢ ᠭᠤᠣᠯᠳᠠᠭᠤ | ᠮᠠᠶᠢᠬᠤᠳᠤ ᠪᠠᠯᠭᠠᠰᠤ᠂ ᠳᠠᠭ᠎ᠠ ᠶᠢᠨ ᠨᠠᠭᠤᠷ ᠪᠠᠯᠭᠠᠰᠤ᠂ ᠶᠦᠩ ᠰᠢᠩ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ | ᠪᠠ ᠮᠠᠩᠬᠠᠨ ᠪᠠᠯᠭᠠᠰᠤ ᠳᠤ ᠲᠠᠷᠬᠠᠵᠤ᠂ ᠳᠠᠷᠢᠬᠤ ᠲᠠᠯᠠᠪᠠᠶ ᠨᠢ 2 ᠲᠦᠮᠡ ᠭᠠᠷᠤᠢ ᠮᠦ ᠳᠤ ᠬᠦᠷᠴᠦ᠂ ᠮᠦ | ᠪᠦᠷᠢ ᠶᠢᠨ ᠤᠨᠠᠯᠲᠠ ᠨᠢ 1.5 ᠲᠣᠨ ᠣᠷᠴᠢᠮ ᠪᠣᠯᠣᠨ᠎ᠠ᠃ ᠡᠨᠡ ᠵᠢᠯ᠂ ᠯᠢᠶᠡᠩᠴᠧᠩ ᠰᠢᠶᠠᠨ ᠤ ᠰᠢᠬᠢᠷᠯᠢᠭ | ᠡᠷᠳᠡᠨᠢ ᠰᠢᠰᠢ ᠶᠢᠨ ᠲᠠᠷᠢᠮᠠᠯ ᠨᠢ ᠭᠤᠣᠯᠳᠠᠭᠤ ᠮᠠᠶᠢᠬᠤᠳᠤ ᠪᠠᠯᠭᠠᠰᠤ᠂ ᠳᠠᠭ᠎ᠠ ᠶᠢᠨ ᠨᠠᠭᠤᠷ ᠤᠨ ᠪᠠᠯᠭᠠᠰᠤ᠂ ᠶᠦᠩ | ᠰᠢᠩ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ ᠪᠠ ᠮᠠᠩᠬᠠᠨ ᠪᠠᠯᠭᠠᠰᠤ ᠳᠤ ᠲᠠᠷᠬᠠᠵᠤ᠂ ᠳᠠᠷᠢᠬᠤ ᠲᠠᠯᠠᠪᠠᠶ ᠨᠢ 2 | ᠲᠦᠮᠡ ᠭᠠᠷᠤᠢ ᠮᠦ ᠬᠦᠷᠴᠦ᠂ ᠮᠦ ᠪᠦᠷᠢ ᠶᠢᠨ ᠤᠨᠠᠯᠲᠠ ᠨᠢ 1.5 ᠲᠣᠨ ᠣᠷᠴᠢᠮ ᠪᠣᠯᠣᠨ᠎ᠠ᠃ ᠣᠳᠣᠬᠠᠨ ᠳᠤ | ᠡᠯ᠎ᠡ ᠰᠢᠶᠠᠩ ᠪᠠᠯᠭᠠᠰᠤ ᠴᠤ ᠲᠡᠭᠦᠵᠦ ᠬᠤᠷᠢᠶᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |