ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ 12345 ᠬᠠᠯᠠᠮᠰᠢᠯ ᠤᠲᠠᠰᠤᠨ ᠤ ᠠᠵᠢᠯᠯᠠᠭ᠎ᠠ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/8/28
    8 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤᠨ ᠤ 7 ᠳ᠋ᠤᠭᠠᠷ ᠰᠠᠷ᠎ᠠ ᠶᠢᠨ ᠠᠵᠢᠯᠯᠠᠭ᠎ᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠵᠡᠷᠭᠡ ᠶᠢ ᠲᠣᠬᠢᠷᠠᠭᠤᠯᠤᠨ᠂ ᠪᠥᠬᠦ ᠬᠤᠲᠠ ᠶᠢᠨ 1-7 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠤᠴᠢᠷ ᠶᠠᠪᠤᠳᠠᠯ ᠢ ᠰᠤᠳᠤᠯᠵᠤ᠂ ︽ᠤᠯᠠᠭᠠᠨᠴᠠᠪ ᠬᠤᠲᠠ ᠶᠢᠨ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠠᠵᠤ ᠠᠬᠤᠢ ᠶᠢᠨ ᠬᠦᠴᠢᠷᠳᠡᠯ ᠲᠠᠢ ᠭᠡᠵᠦ ᠮᠠᠭᠠᠳᠯᠠᠨ ᠲᠣᠭᠲᠠᠭᠠᠭᠰᠠᠨ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ ᠣᠯᠭᠤᠬᠤ ᠠᠵᠢᠯ ᠤᠨ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ 12345 ᠬᠠᠯᠠᠮᠰᠢᠯ ᠤᠲᠠᠰᠤ ᠶᠢᠨ ᠰᠢᠢᠳᠪᠦᠷᠢᠯᠡᠯᠲᠡ ᠶᠢ ᠢᠮᠠᠭᠲᠠ ᠴᠢᠩᠭ᠎ᠠ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠮᠥᠷᠳᠡᠨ ᠬᠠᠷᠢᠭᠤ ᠰᠤᠷᠪᠤᠯᠵᠢᠯᠠᠵᠤ᠂ ᠴᠤᠤᠷᠢᠶᠠᠲᠤᠬᠤ ᠨᠤᠷᠮ᠎ᠠ᠂ ᠰᠢᠢᠳᠪᠦᠷᠢᠯᠡᠬᠦ ᠨᠤᠷᠮ᠎ᠠ᠂ ᠬᠠᠨᠤᠮᠵᠢ ᠶᠢᠨ ᠨᠤᠷᠮ᠎ᠠ ᠪᠣᠯᠣᠨ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠤᠭᠠᠴᠠᠯ ᠤᠨ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠠᠶᠢᠩᠭᠤ ᠶᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠤᠷᠢᠭ ᠬᠤᠪᠢᠶᠠᠨ ᠳᠠᠭᠠᠭᠠᠴᠢᠯᠠᠭᠤᠯᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠰᠠᠶᠢᠲᠤᠷ ᠬᠢᠵᠦ᠂ ᠪᠦᠬᠦ ᠬᠤᠳᠠ ᠶᠢᠨ ᠵᠤᠭᠠᠴᠠᠯ ᠤᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠪᠣᠯᠣᠨ ᠲᠠᠭᠠᠯᠠᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠭᠤᠨ᠂ ᠨᠡᠮᠡᠭᠳᠡᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠦᠷᠦᠯ ᠵᠦᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠵᠤ᠂ ᠬᠡᠯᠬᠢᠶᠡᠲᠦ ᠰᠡᠳᠬᠢᠬᠦᠢ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠢᠯ ᠲᠦᠷᠦᠯ ᠤᠨ ᠪᠦᠬᠦ ᠠᠵᠢᠯ ᠤᠨ ᠲᠡᠰ ᠳᠠᠷᠠᠭᠠᠯᠠᠯ ᠢᠶᠠᠷ ᠳᠠᠪᠲᠠᠨ ᠲᠡᠰ ᠳᠡᠪᠰᠢᠭᠦᠯᠬᠦ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠲᠡᠰ ᠳᠡᠪᠰᠢᠭᠦᠯᠬᠦ᠂ ᠲᠣᠭᠠᠴᠢᠯᠠᠭᠰᠠᠨ ᠡᠨᠧᠷᠭᠢ ᠣᠯᠭᠤᠵᠤ ᠲᠡᠰ ᠳᠡᠪᠰᠢᠭᠦᠯᠬᠦ᠂ ᠪᠣᠬᠢᠷᠲᠤᠯ ᠦᠭᠡᠢ ᠡᠨᠧᠷᠭᠢ ᠪᠠᠷ ᠣᠷᠣᠯᠠᠭᠤᠯᠤᠨ ᠲᠡᠰ ᠳᠡᠪᠰᠢᠭᠦᠯᠬᠦ ︽ᠲᠦᠷᠪᠡᠨ ᠲᠡᠰ ᠳᠡᠪᠰᠢᠭᠦᠯᠬᠦ ᠠᠵᠢᠯᠯᠠᠭ᠎ᠠ︾ ᠶᠢ ᠰᠠᠶᠢᠲᠤᠷ ᠬᠡᠷᠡᠭᠵᠢᠭᠦᠯᠵᠦ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ ᠣᠯᠭᠤᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠣᠯᠭᠤᠬᠤ ᠨᠡᠷᠡᠰ ᠢ ᠣᠨᠣᠪᠴᠢᠲᠠᠶ ᠮᠠᠭᠠᠳᠯᠠᠨ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢᠨ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2