ᠴᠢ ᠹᠧᠢ ᠶᠦᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠱᠠᠩᠳᠤ ᠰᠢᠶᠠᠨ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/28
   8 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠱᠠᠩᠳᠤ ᠰᠢᠶᠠᠨ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠰᠦᠨ ᠤ ᠦᠢᠯᠡᠰ ᠢ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠤᠷ ᠲᠤ ᠠᠵᠢᠯᠯᠠᠵᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    ᠤᠯᠠᠭᠠᠨᠴᠠᠪ ᠤᠨ ᠺᠧ ᠮᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠢᠯᠴᠢ ᠴᠠᠬᠢᠯᠭᠠᠨ ᠤ ᠬᠠᠮᠲᠤᠷᠠᠭᠰᠠᠨ ᠭᠠᠷᠭᠠᠯᠲᠠ ᠪᠠ ︽ᠪᠢᠰᠢᠯᠠᠭ ᠤᠨ ᠵᠢᠵᠢᠭ ᠪᠠᠯᠭᠠᠰᠤ︾ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠴᠢ ᠹᠧᠢ ᠶᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠦᠷᠦᠯ ᠲᠡᠮᠳᠡᠭ ᠤᠨ ᠦᠷᠳᠡᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠯ᠎ᠡ ᠲᠠᠯ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦᠯ ᠵᠦᠢᠯ ᠤᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠰᠠᠬᠢᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠪᠢᠰᠢᠯᠠᠭ ᠤᠨ ᠵᠢᠵᠢᠭ ᠪᠠᠯᠭᠠᠰᠤ︾ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠂ ᠵᠤᠭᠠᠴᠠᠨ ᠲᠣᠭᠤᠷᠢᠬᠤ᠂ ᠪᠡᠶᠡᠴᠢᠯᠡᠨ ᠣᠶᠢᠯᠠᠭᠠᠬᠤ᠂ ᠵᠤᠭ᠎ᠠ ᠴᠡᠩᠭᠡᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠦᠷᠢᠶᠡᠯᠡᠩ ᠲᠣᠭᠤᠷᠢᠭ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠴᠠᠭᠠᠨ ᠢᠳᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠢ ᠳᠠᠶᠢᠴᠢᠯᠠᠨ ᠣᠯᠠᠨ ᠡᠰᠢᠵᠢᠭᠦᠯᠦᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠬᠡᠯᠡᠪᠡ᠃     ᠱᠠᠩᠳᠤ ᠶᠢᠨ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠴᠢ ᠹᠧᠢ ᠶᠦᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠠᠶᠢᠲᠤᠷ ᠬᠢᠵᠦ᠂ ᠨᠤᠭᠤ ᠭᠠᠵᠠᠷ ᠤᠨ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠦᠨᠡᠨᠬᠦ ᠬᠠᠮᠲᠤ ᠳᠤᠨᠢ ᠬᠠᠷᠠᠭᠠᠯᠵᠠᠵᠤ᠂ ᠠᠮᠢ ᠠᠬᠤᠢ ᠶᠢ  ᠤᠷᠢᠳᠠᠪᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃     ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2