G512 ᠱᠤᠭᠤᠮ ᠤᠨ ᠯᠢᠶᠡᠩᠴᠧᠩ ᠠᠴᠠ ᠬᠤᠷᠢᠨᠭᠡᠷ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ  ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠳᠡ ᠳᠤ ᠣᠯᠠᠨ ᠨᠡᠶᠢᠲᠡ ᠶᠢᠨ ᠰᠠᠨᠠᠯ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2023/8/29
  ︽︿ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶ ᠵᠡᠷᠭᠡ ᠳᠥᠷᠪᠡᠨ ᠪᠢᠴᠢᠭ ᠮᠠᠲ᠋ᠧᠷᠢᠶᠠᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠦᠨᠳᠦᠰᠦᠯᠡᠪᠡᠯ᠂ ᠡᠳᠦᠭᠡ G512 ᠱᠤᠭᠤᠮ ᠤᠨ ᠯᠢᠶᠡᠩᠴᠧᠩ ᠠᠴᠠ ᠬᠤᠷᠢᠨᠭᠡᠷ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠣᠭᠲᠠᠭᠤᠨ  ᠤ ᠦᠨᠡᠯᠡᠯᠲᠡ ᠶᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ ᠪᠠᠶᠢᠨ᠎ᠠ᠃ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ   ᠲᠥᠷᠥᠯ ᠵᠦᠢᠯ ᠤᠨ ᠨᠡᠷᠡᠶᠢᠳᠦᠯ᠄ G512 ᠱᠤᠭᠤᠮ ᠤᠨ ᠯᠢᠶᠡᠩᠴᠧᠩ ᠠᠴᠠ ᠬᠤᠷᠢᠨᠭᠡᠷ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ   ᠲᠥᠷᠥᠯ ᠵᠦᠢᠯ ᠢ ᠬᠡᠷᠡᠭᠵᠢᠭᠦᠯᠬᠦ ᠨᠢᠭᠡᠴᠢ᠄ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ   ᠱᠤᠭᠤᠮ ᠤᠨ ᠲᠥᠰᠥᠯ᠄ ᠱᠤᠭᠤᠮ ᠤᠨ ᠪᠥᠬᠦ ᠣᠷᠳᠣ ᠨᠢ 25.434 km᠃ ᠵᠠᠮ ᠱᠤᠭᠤᠮ ᠤᠨ ᠡᠬᠢᠯᠡᠯᠲᠡ ᠶᠢᠨ ᠴᠡᠭ ᠨᠢ ᠯᠢᠶᠡᠩᠴᠧᠩ ᠰᠢᠶᠠᠨ ᠤ ᠬᠤᠲᠠ ᠶᠢᠨ ᠪᠠᠷᠠᠭᠤᠨ ᠡᠮᠦᠨ᠎ᠡ ᠴᠢᠭᠯᠡᠯ ᠤᠨ G512 ︵K244+000︶ ᠭᠠᠵᠠᠷ ᠲᠤ ᠪᠠᠶᠢᠵᠤ᠂ ᠡᠬᠢᠯᠡᠯᠲᠡ ᠶᠢᠨ ᠴᠡᠭ ᠲᠤ  ᠬᠠᠷᠢᠯᠴᠠᠨ ᠨᠡᠪᠲᠡᠷᠡᠯᠴᠡᠬᠦ ᠴᠡᠭ ᠢ ᠰᠢᠨ᠎ᠡ ᠪᠠᠷ ᠪᠠᠶᠢᠭᠤᠯᠵᠤ᠂ ᠵᠠᠮ ᠬᠠᠷᠢᠯᠴᠠᠭᠠᠨ ᠤ ᠰᠣᠯᠢᠯᠴᠠᠭ᠎ᠠ ᠶᠢ ᠶᠠᠪᠤᠭᠳᠠᠭᠤᠯᠤᠨ᠎ᠠ᠃ ᠵᠠᠮ ᠱᠤᠭᠤᠮ ᠤᠨ ᠡᠴᠦᠰ ᠤᠨ ᠴᠡᠭ ᠨᠢ ᠮᠠ ᠸᠠᠨ ᠲᠣᠰᠬᠤᠨ ᠤ ᠬᠤᠶᠢᠲᠤ ᠲᠠᠯ᠎ᠠ ᠪᠣᠯᠣᠨ G512 ᠬᠥᠬᠡᠬᠤᠲᠠ ᠶᠢᠨ ᠬᠡᠰᠡᠭ ᠤᠨ ᠰᠢᠭᠤᠳ ᠵᠠᠯᠭᠠᠯᠲᠠ ︵ᠯᠢᠶᠡᠩᠴᠧᠩ ᠪᠣᠯᠣᠨ ᠬᠤᠷᠢᠨᠭᠡᠷ ᠤᠨ ᠵᠠᠭᠠᠭ ᠱᠤᠭᠤᠮ ᠤᠨ ᠭᠠᠵᠠᠷ︶ ᠳᠤ ᠬᠦᠷᠴᠦ᠂ ᠲᠥᠷᠥᠯ ᠵᠦᠢᠯ ᠤᠨ ᠡᠴᠦᠰ ᠤᠨ ᠴᠡᠭ ᠤᠨ ᠪᠠᠶᠢᠷᠢ ᠨᠢ ᠴᠣᠷ ᠤᠨ ᠭᠠᠭᠴᠠ ᠪᠠᠶᠢᠵᠤ᠂ ᠡᠴᠦᠰ ᠤᠨ ᠴᠡᠭ ᠤᠨ ᠱᠣᠩ ᠤᠨ ᠨᠣᠮᠧᠷ ᠨᠢ K269+833.751 ᠪᠣᠯᠣᠨ᠎ᠠ᠃ ᠪᠦᠬᠦ ᠱᠤᠭᠤᠮ ᠤᠨ ᠶᠡᠭᠡ ᠳᠤᠮᠳᠠ ᠬᠥᠭᠦᠷᠭᠡ 1292.6m/6 ᠰᠠᠭᠤᠷᠢ᠂ ᠪᠠᠭ᠎ᠠ ᠬᠥᠭᠦᠷᠭᠡ 51.5m/3 ᠰᠠᠭᠤᠷᠢ᠂ ᠨᠡᠶᠢᠲᠡ 35 ᠭᠤᠯᠳᠤᠩ ᠵᠠᠮ ᠲᠣᠬᠢᠷᠠᠭᠤᠯᠵᠠᠢ᠃ ᠲᠥᠷᠥᠯ ᠵᠦᠢᠯ ᠤᠨ ᠪᠥᠬᠦ ᠱᠤᠭᠤᠮ ᠳᠤ ᠬᠠᠷᠢᠯᠴᠠᠨ ᠨᠡᠪᠲᠡᠷᠡᠬᠦ ᠮᠠᠶ᠋ᠢᠭ ᠤᠨ ᠵᠥᠷᠢᠯᠢᠭ 1 ᠭᠠᠵᠠᠷ᠂ ᠰᠠᠯᠭᠠᠬᠤ ᠮᠠᠶ᠋ᠢᠭ ᠤᠨ ᠵᠥᠷᠢᠯᠢᠭ 2 ᠭᠠᠵᠠᠷ᠂ ᠬᠠᠪᠲᠠᠭᠠᠢ ᠰᠣᠯᠪᠢᠴᠠᠯ ᠤᠨ ᠪᠠᠶᠢᠷᠢᠯᠠᠭᠤᠯᠤᠯᠲᠠ ᠶᠢ 29 ᠭᠠᠵᠠᠷ ᠲᠣᠬᠢᠷᠠᠭᠤᠯᠤᠨ᠎ᠠ  ᠃ ᠵᠠᠮ ᠠᠷᠠᠴᠢᠯᠠᠬᠤ ᠠᠩᠭᠢ 1 ᠲᠣᠬᠢᠷᠠᠭᠤᠯᠤᠨ᠎ᠠ᠃   ᠮᠡᠷᠭᠡᠵᠢᠯ ᠤᠨ ᠪᠠᠷᠢᠮᠵᠢᠶ᠎ᠠ᠄ ᠲᠣᠰ ᠲᠥᠷᠥᠯ ᠵᠦᠢᠯ ᠢ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠲᠥᠯᠥᠪᠯᠡᠭᠰᠡᠨ ᠴᠠᠭ ᠤᠨ ᠬᠡᠮᠵᠢᠶ᠎ᠡ ᠨᠢ 80km/h᠂ ᠵᠠᠮ ᠤᠨ ᠰᠠᠭᠤᠷᠢ ᠶᠢᠨ ᠥᠷᠭᠡᠨ ᠤ ᠬᠡᠮᠵᠢᠶ᠎ᠡ ᠨᠢ 12.75m᠂ ᠵᠠᠮ ᠤᠨ ᠭᠠᠳᠠᠷᠭᠤ ᠳᠤ ᠪᠠᠷᠤᠭᠰᠢᠨ ᠪᠧᠲ᠋ᠤᠨ ᠤ ᠵᠠᠮ ᠤᠨ ᠭᠠᠳᠠᠷᠭᠤ ᠶᠢ ᠬᠡᠷᠡᠭᠯᠡᠨ᠎ᠡ᠃   ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ᠄ ᠲᠥᠷᠥᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠨᠢ 2023 ︱ 2024 ᠣᠨ᠂ ᠪᠠᠷᠢᠯᠭ᠎ᠠ ᠶᠢᠨ ᠬᠤᠭᠤᠴᠠᠭ᠎ᠠ ᠨᠢ 2 ᠵᠢᠯ ᠪᠣᠯᠣᠨ᠎ᠠ᠃   ᠶᠡᠷᠦᠩᠬᠡᠢ ᠪᠡᠯᠡ ᠣᠷᠣᠭᠤᠯᠤᠯᠲᠠ ᠵᠢᠴᠢ ᠪᠡᠯᠡ ᠮᠥᠩᠭᠦ ᠴᠤᠭᠯᠠᠭᠤᠯᠬᠤ᠄ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 48061.72 ᠲᠦᠮᠡᠨ ᠲᠥᠭᠦᠷᠢᠭ ᠪᠣᠯᠣᠨ᠎ᠠ᠂ ᠲᠣᠰ ᠲᠥᠷᠥᠯ ᠵᠦᠢᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠪᠡᠯᠡ ᠮᠥᠩᠭᠦ ᠶᠢᠨ ᠪᠡᠯᠡ ᠲᠣᠬᠢᠷᠠᠭᠤᠯᠭ᠎ᠠ ᠶᠢᠨ ᠲᠥᠰᠥᠯ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ ᠭᠤᠶᠤᠴᠢᠯᠠᠬᠤ ᠶᠢᠨ ᠲᠥᠯᠥᠭᠡ ᠪᠠᠶᠢᠵᠤ᠂ ᠦᠯᠡᠳᠡᠭᠰᠡᠨ ᠬᠡᠰᠡᠭ ᠢ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠥᠪᠡᠰᠦᠪᠡᠨ ᠪᠡᠯᠡᠳᠬᠡᠵᠦ ᠰᠢᠢᠳᠪᠦᠷᠢᠯᠡᠨ᠎ᠡ᠃ᠬᠤᠶᠠᠷ᠂ ᠣᠯᠠᠨ ᠨᠡᠶᠢᠲᠡ ᠶᠢᠨ ᠰᠠᠨᠠᠯ  ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ   ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄   1. ᠵᠦᠢᠯᠡᠰ ᠢ ᠬᠡᠷᠡᠭᠵᠢᠭᠦᠯᠬᠦ ᠳᠤ ᠬᠠᠨᠳᠤᠬᠤ ᠣᠪᠣᠷ᠃   2. ᠵᠦᠢᠯᠡᠰ ᠢ ᠬᠡᠷᠡᠭᠵᠢᠭᠦᠯᠬᠦ ᠳᠤ ᠨᠡᠶᠢᠭᠡᠮ ᠤᠨ ᠲᠣᠭᠲᠠᠭᠤᠨ   ᠤ ᠲᠦᠭᠰᠢᠭᠦᠷᠢ ᠭᠠᠷᠴᠤ ᠮᠡᠳᠡᠬᠦ ᠪᠠᠶᠢᠳᠠᠯ᠃   3. ᠵᠦᠢᠯᠡᠰ ᠢ ᠬᠡᠷᠡᠭᠵᠢᠭᠦᠯᠬᠦ ᠲᠤᠬᠠᠢ ᠪᠤᠰᠤᠳ ᠰᠠᠨᠠᠯ ᠪᠠ ᠰᠠᠨᠠᠭᠤᠯᠭ᠎ᠠ᠃   ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠪᠤᠶᠤ ᠦᠨᠡᠯᠡᠬᠦ ᠨᠢᠭᠡᠴᠢ ᠳᠤ ᠬᠠᠷᠢᠭᠤ ᠲᠤᠰᠬᠠᠵᠦ ᠪᠤᠯᠤᠨ᠎ᠠ᠃ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭᠬᠡᠷᠡᠭᠵᠢᠭᠦᠯᠬᠦ ᠨᠢᠭᠡᠴᠢ ᠶᠢᠨ ᠬᠠᠷᠢᠯᠴᠠᠬᠤ ᠠᠷᠭ᠎ᠠ ᠬᠡᠯᠪᠡᠷᠢ᠄   ᠬᠠᠷᠢᠯᠴᠠᠬᠤ ᠬᠥᠮᠥᠨ᠄ ᠯᠢ ᠵᠢᠶᠦ᠋ᠨ    ᠬᠠᠷᠢᠯᠴᠠᠬᠤ ᠤᠲᠠᠰᠤ᠄ 18604744328   ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠪᠠᠢ ᠬᠠᠢ ᠽᠢ ᠪᠠᠯᠭᠠᠰᠤᠦᠨᠡᠯᠡᠬᠦ ᠨᠢᠭᠡᠴᠢ ᠶᠢᠨ ᠬᠠᠷᠢᠯᠴᠠᠬᠤ ᠠᠷᠭ᠎ᠠ ᠬᠡᠯᠪᠡᠷᠢ᠄   ᠬᠠᠷᠢᠯᠴᠠᠬᠤ ᠬᠥᠮᠥᠨ᠄ ᠯᠢ ᠵᠢᠤᠸᠠᠨ   ᠬᠠᠷᠢᠯᠴᠠᠬᠤ ᠤᠲᠠᠰᠤ᠄ 0471 ︱ 2231160    ᠪᠠᠶᠢᠭᠤᠯᠭ᠎ᠠ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠡᠭᠡᠯᠢ ᠶᠢᠨ ᠵᠢᠦᠢ ᠬᠠᠢ ᠬᠤᠳᠠᠯᠳᠤᠭᠠᠨ ᠤ ᠠᠰᠠᠷ ᠤᠨ 1002 ᠦᠷᠦᠭᠡ   ᠰᠢᠤᠳᠠᠨ ᠳ᠋ᠤᠭᠠᠷ᠄ 010050                   ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                  ᠥᠪᠥᠷ ᠮᠣᠩᠭᠤᠯ ᠤᠨ ᠭᠦᠩ ᠳ᠋ᠡ ᠬᠤᠸᠠ ᠶᠤᠸᠠᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ                                                    2023 ᠣᠨ ᠤ 8 ᠰᠠᠷ᠎ᠠ ᠶᠢᠨ 9                                    ᠤᠷᠴᠢᠭᠤᠯᠤᠭᠴᠢ᠄ ᠢᠷᠭᠤᠢ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2