ᠯᠢᠶᠡᠩᠴᠧᠩ ᠰᠢᠶᠠᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠳᠠᠷᠢᠮᠡᠯ ᠨᠢ ᠲᠠᠷᠢᠶᠠᠴᠢᠨ ᠡᠷᠦᠬᠡ ᠶᠢᠨ ︽ᠨᠢᠭᠡ ᠭᠠᠵᠠᠷ ᠲᠤ ᠬᠤᠣᠰ ᠬᠤᠷᠢᠶᠠᠯᠲᠠ ᠣᠯᠬᠤ︾ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/8/29
    ᠡᠨᠡ ᠵᠢᠯ ᠠᠴᠠ ᠨᠠᠰᠢ᠂ ᠯᠢᠶᠡᠩᠴᠧᠩ ᠰᠢᠶᠠᠨ ᠤ ᠬᠢᠨ ᠲᠠᠷᠢᠮᠠᠯ ᠤᠨ ᠪᠦᠲᠦᠴᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠦᠨ᠂ ᠰᠢᠷ᠎ᠠ ᠪᠤᠷᠴᠠᠭ ᠡᠷᠳᠡᠨᠢ ᠰᠢᠰᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠪᠠ ᠭᠠᠷᠤᠯᠲᠠ ᠶᠢᠨ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠨᠢᠭᠡ ᠭᠠᠵᠠᠷ ᠲᠤ ᠬᠤᠣᠰ ᠬᠤᠷᠢᠶᠠᠯᠲᠠ ᠣᠯᠬᠤ ᠶᠢ ᠪᠡᠶᠡᠯᠡᠭᠦᠯᠵᠡᠢ᠃ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ ᠬᠡᠯᠪᠡᠷᠢ ᠨᠢ 4+4 ᠪᠠ 6+4 ᠬᠤᠶᠠᠷ ᠵᠦᠢᠯ ᠪᠣᠯᠣᠨ᠎ᠠ᠃ 4+4 ᠶᠢᠨ ᠵᠠᠭᠪᠤᠷ ᠪᠣᠯ ᠳᠠᠷᠤᠢ ᠳᠥᠷᠪᠡᠨ ᠮᠥᠷ ᠡᠷᠳᠡᠨᠢ ᠰᠢᠰᠢ ᠳᠥᠷᠪᠡᠨ ᠮᠥᠷ ᠰᠢᠷ᠎ᠠ ᠪᠤᠷᠴᠠᠭ ᠳᠠᠷᠢᠬᠤ ᠶᠠᠪᠤᠳᠠᠯ ᠪᠣᠯᠣᠨ᠎ᠠ᠂ 6+4 ᠶᠢᠨ ᠵᠠᠭᠪᠤᠷ ᠪᠣᠯ ᠳᠠᠷᠤᠢ ᠵᠢᠷᠭᠤᠭᠠᠨ ᠮᠥᠷ ᠰᠢᠷ᠎ᠠ ᠪᠤᠷᠴᠠᠭ ᠳᠥᠷᠪᠡᠨ ᠮᠥᠷ ᠰᠢᠷ᠎ᠠ ᠪᠤᠷᠴᠠᠭ ᠳᠠᠷᠢᠬᠤ ᠶᠠᠪᠤᠳᠠᠯ ᠪᠣᠯᠣᠨ᠎ᠠ᠂ ᠡᠨᠡ ᠬᠤᠶᠠᠷ ᠵᠦᠢᠯ ᠤᠨ ᠵᠠᠭᠪᠤᠷ ᠢ ᠳᠠᠷᠢᠪᠠᠯ ︽ᠨᠢᠭᠡ ᠤᠯᠠᠷᠢᠯ ᠳᠤ ᠬᠤᠶᠠᠷ ᠮᠥᠷ ᠬᠤᠷᠢᠶᠠᠬᠤ︾ ᠶᠢ ᠪᠡᠶᠡᠯᠡᠭᠦᠯᠵᠦ᠂ ᠡᠷᠳᠡᠨᠢ ᠰᠢᠰᠢ ᠶᠢᠨ ᠤᠨᠠᠯᠲᠠ ᠶᠢ ᠬᠠᠰᠤᠭᠳᠠᠭᠤᠯᠬᠤ ᠦᠭᠡᠢ ᠪᠣᠯᠭᠠᠵᠤ᠂ ᠪᠠᠰᠠ ᠨᠢᠭᠡ ᠬᠡᠰᠡᠭ ᠰᠢᠷ᠎ᠠ ᠪᠤᠷᠴᠠᠭ ᠢ ᠨᠡᠮᠡᠵᠦ᠂ ᠲᠠᠷᠢᠶᠠᠴᠢᠳ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢᠯᠠᠩᠭᠤᠶ᠎ᠠ ᠰᠢᠷ᠎ᠠ ᠪᠤᠷᠴᠠᠭ ᠡᠷᠳᠡᠨᠢ ᠰᠢᠰᠢ ᠶᠢᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃     ᠡᠨᠡ ᠵᠢᠯ᠂ ᠯᠢᠶᠡᠩᠴᠧᠩ ᠰᠢᠶᠠᠨ ᠤ ᠬᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠤᠨ ᠲᠠᠯᠠᠪᠠᠶ ᠶᠢ ᠨᠡᠶᠢᠲᠡ 3 ᠲᠦᠮᠡᠨ ᠮᠦ ᠬᠡᠷᠡᠭᠵᠢᠭᠦᠯᠵᠦ᠂ 6 ᠰᠢᠶᠠᠩ ᠪᠠᠯᠭᠠᠰᠤᠨ ᠤ 33 ᠵᠠᠰᠠᠭ ᠵᠠᠬᠢᠷᠭᠠᠨ ᠤ ᠲᠣᠰᠬᠤᠨ ᠤ 66 ᠲᠣᠮᠣ ᠡᠷᠦᠬᠡ ᠳᠤ ᠬᠤᠯᠪᠣᠭᠳᠠᠨ᠂ ᠪᠥᠬᠦ ᠰᠢᠶᠠᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠨᠡᠶᠢᠯᠡᠮᠡᠯ ᠲᠠᠷᠢᠮᠠᠯ ᠤᠨ ᠤᠷᠭᠤᠴᠠ ᠶᠢᠨ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠵᠤ᠂ ᠮᠦ ᠪᠦᠷᠢ ᠠᠴᠠ 200 ︱ 300 ᠲᠥᠭᠦᠷᠢᠭ ᠤᠨ ᠣᠷᠣᠯᠭ᠎ᠠ ᠨᠡᠮᠡᠭᠳᠡᠬᠦ ᠪᠣᠯᠣᠮᠵᠢ ᠲᠠᠢ ᠪᠠᠶᠢᠨ᠎ᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2