ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/3
   7 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 7 ᠰᠠᠷ᠎ᠠ ᠶᠢᠨ 24 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ᠂ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ᠂ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ 7 ᠰᠠᠷ᠎ᠠ ᠶᠢᠨ 29 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠬᠤᠶᠠᠷ ᠲᠣᠮᠣ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠣᠷᠣᠯᠭ᠎ᠠ ᠶᠢᠨ ᠨᠡᠮᠡᠭᠳᠡᠯ᠂ ᠭᠠᠳᠠᠭᠠᠳᠤ ᠨᠡᠭᠡᠭᠡᠯᠲᠡ᠂ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠰᠠᠶᠢᠲᠤᠷ ᠬᠢᠭᠰᠡᠨ ᠠᠵᠢᠯ ᠢᠶᠠᠨ ᠦᠨᠡᠨᠬᠦ ᠨᠡᠩ ᠰᠠᠶᠢᠲᠤᠷ ᠬᠢᠬᠦ ᠬᠡᠷᠡᠭᠲᠡᠢ᠃ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠵᠦ᠂ ᠳᠤᠲᠠᠭᠤᠳᠠᠯ ᠢ ᠱᠠᠯᠠᠪᠳᠠᠨ ᠨᠥᠬᠦᠪᠦᠷᠢᠯᠡᠬᠦ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠤᠳᠠᠭᠠᠨ︾ ᠤ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠦ᠂ ︽ᠬᠦᠯᠢᠶᠡᠬᠦ︾ ᠦᠵᠡᠯ ᠰᠠᠨᠠᠭ᠎ᠠ ᠶᠢ ᠲᠡᠪᠴᠢᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠡᠯᠡᠳᠬᠡᠯ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠡᠷᠢᠭ ᠠᠷᠠᠳ ᠤᠨ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ᠂ ᠬᠤᠣᠷ᠎ᠠ ᠴᠠᠭᠠᠵᠠᠯᠠᠬᠤ ᠠᠵᠢᠯ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠶᠣᠰᠣᠭᠠᠷ ᠠᠵᠢᠯ ᠢᠶᠠᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠦᠩᠭᠡᠨ ᠲᠠᠯ᠎ᠠ ᠪᠠ ᠦᠨᠳᠦᠰᠦ ᠠᠴᠠ  ᠨᠢ ᠵᠠᠰᠠᠬᠤ ᠶᠢ ᠵᠡᠷᠭᠡᠪᠡᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠪᠦᠬᠦᠨ ᠢ ᠨᠠᠶᠢᠳᠠᠪᠤᠷᠢᠵᠢᠭᠤᠯᠵᠤ᠂ ᠠᠰᠠᠭᠤᠳᠠᠯ ᠢ ᠬᠠᠷᠢᠭᠤ ᠲᠤᠰᠬᠠᠬᠤ ᠶᠢ ᠪᠦᠬᠦᠨ ᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2