ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠣᠨ ᠬᠤᠸᠠᠳᠧ ᠰᠢᠶᠠᠨ ᠳᠤ ᠭᠦᠨᠵᠡᠭᠡᠶᠢᠷᠡᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠵᠠᠰᠠᠯᠲᠠ ᠪᠣᠯᠣᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/30
   8 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠠ ᠬᠤᠸᠠᠳᠧ ᠰᠢᠶᠠᠨ ᠳᠤ ᠭᠦᠨᠵᠡᠭᠡᠶᠢᠷᠡᠨ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠬᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠠ ᠮᠠ ᠺᠦ᠋ ᠯᠢᠶᠠᠨ ᠲᠣᠰᠬᠤᠨ᠂ ᠶᠤᠸᠠᠨ ᠱᠠᠨ ᠽᠢ ᠲᠣᠰᠬᠤᠨ᠂ ᠬᠤᠸᠠᠳᠧ ᠰᠢᠶᠠᠨ ᠤ ᠳᠣᠯᠣᠭᠠᠨ ᠬᠤᠳᠳᠤᠭ ᠲᠣᠰᠬᠤᠨ᠂ ᠮᠦ ᠴᠠᠩ ᠲᠣᠰᠬᠤᠨ ᠳᠤ᠂ ᠰᠦᠢ ᠸᠧᠢ ᠵᠢᠶᠦ᠋ᠨ ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠨ ᠲᠡᠰ ᠳᠡᠪᠰᠢᠭᠦᠯᠦᠭᠰᠡᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︾ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠢᠨᠵᠧᠨᠧᠷᠢᠩ ᠢ ᠲᠦᠷᠭᠡᠪᠴᠢᠯᠡᠨ ᠠᠬᠢᠭᠤᠯᠵᠤ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠢᠵᠢ ᠪᠦᠷᠢᠳᠦᠭᠦᠯᠬᠦ ᠴᠠᠬᠢᠯᠭᠠᠨ ᠤ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠴᠢᠳ ᠤᠨ ᠴᠠᠬᠢᠯᠭᠠᠨ ᠢᠶᠠᠷ ᠳᠤᠯᠠᠭᠠᠯᠠᠬᠤ ᠲᠥᠬᠦᠭᠡᠷᠦᠮᠵᠢ ᠶᠢ ᠠᠶᠤᠯᠭᠦᠢ ᠪᠥᠭᠡᠳ ᠲᠣᠭᠲᠠᠭᠤᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠡᠪᠦᠷ ᠪᠠᠯᠭᠠᠰᠤᠨ ᠤ ᠴᠢᠶᠠᠨ ᠰᠢ ᠨᠡᠶᠢᠭᠡᠮ ᠲᠣᠭᠤᠷᠢᠭ ᠲᠤ᠂ ᠰᠦᠢ ᠸᠧᠢ ᠵᠢᠶᠦ᠋ᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠪᠣᠯᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠬᠡᠯᠡᠬᠦ ᠳᠡᠭᠡᠨ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ᠪᠠᠭ᠎ᠠ ᠶᠠᠪᠤᠳᠠᠯ ᠢ ᠭᠠᠴᠠᠭᠠᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠩ ᠢ ᠭᠧᠨ ᠺᠣᠮᠫᠠᠨᠢ᠂ ᠬᠤᠸᠠᠳᠧ ᠰᠢᠶᠠᠨ ᠤ ᠬᠤᠸᠠ ᠴᠧᠨ ᠺᠣᠮᠫᠠᠨᠢ ᠪᠣᠯᠣᠨ ᠵᠢᠶᠠ ᠪᠥᠸᠧ ᠰᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ᠂ ᠰᠦᠢ ᠸᠧᠢ ᠵᠢᠶᠦ᠋ᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠬᠡᠯᠡᠬᠦ ᠳᠡᠭᠡᠨ᠂ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠲᠦᠰᠢᠭᠯᠡᠨ᠂ ᠶᠠᠰᠤ ᠴᠢᠨᠠᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠳᠬᠦᠨ ᠢ ᠬᠦᠴᠦᠷᠬᠡᠭᠵᠢᠭᠦᠯᠦᠨ᠂ ᠵᠠᠬ᠎ᠠ ᠳᠡᠯᠭᠡᠭᠦᠷ ᠢ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠠᠵᠤ ᠦᠢᠯᠡᠰ ᠢᠶᠠᠷ ᠲᠡᠳᠬᠦᠬᠦ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠢ ᠸᠧᠢ ᠵᠢᠶᠦ᠋ᠨ ᠪᠠᠰᠠ ᠬᠤᠨᠢᠨ ᠨᠣᠣᠯᠣᠭᠤᠷ ᠲᠡᠮᠡᠭᠡᠨ ᠨᠣᠣᠯᠣᠭᠤᠷ ᠤᠨ ᠠᠵᠤ ᠦᠢᠯᠡᠰ ᠤᠨ ᠬᠥᠭᠵᠢᠯᠲᠡ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠤᠯᠠᠮᠵᠢᠯᠠᠯ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠬᠡᠯᠡᠬᠦ ᠳᠡᠭᠡᠨ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠠᠩ ᠬᠥᠩᠭᠡᠨ᠂ ᠭᠤᠶᠣ᠂ ᠪᠣᠳᠠᠲᠤ ᠬᠡᠷᠡᠭᠴᠡᠭᠡ ᠲᠠᠢ ᠬᠤᠨᠢᠨ ᠨᠣᠣᠯᠣᠭᠤᠷ ᠲᠡᠮᠡᠭᠡᠨ ᠨᠣᠣᠯᠣᠭᠤᠷ ᠤᠨ ᠪᠦᠲᠦᠭᠡᠭᠳᠡᠬᠦᠨ ᠢ ᠴᠢᠷᠮᠠᠶᠢᠨ ᠪᠣᠶ ᠪᠣᠯᠭᠠᠵᠤ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ᠂ ᠪᠣᠳᠠᠰ ᠤᠨ ᠪᠤᠰᠤ ᠰᠣᠶᠣᠯ ᠤᠨ ᠪᠦᠲᠦᠭᠡᠭᠳᠡᠬᠦᠨ ᠢ ᠡᠭᠦᠳᠦᠨ ᠪᠦᠲᠦᠭᠡᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠣᠶᠣᠯ ᠤᠨ ᠳᠠᠪᠠᠭᠤᠯᠢᠭ ᠢ ᠠᠵᠤ ᠠᠬᠤᠢ ᠶᠢᠨ ᠦᠷᠳᠡᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃    ᠯᠢᠦ ᠭᠦᠸᠧ ᠭᠠᠩ᠂ ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2