ᠪᠥᠬᠦ ᠳᠡᠯᠡᠬᠡᠢ ᠶᠢᠨ ᠬᠡᠪᠴᠢᠶ᠎ᠡ ᠪᠠᠷ ᠬᠠᠮᠤᠭ ᠤᠨ ᠶᠡᠭᠡ ︽ᠡᠬᠢ ᠰᠤᠷᠪᠤᠯᠵᠢ ᠳᠤᠤᠷ ᠳᠠᠭᠠᠭᠠᠴᠠ ᠨᠦᠬᠡᠴᠡ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠰᠢᠨ᠎ᠡ ᠵᠠᠩᠭᠢᠯᠠᠭ᠎ᠠ ᠶᠢᠨ ᠴᠡᠭ ᠢ ᠰᠢᠪᠲᠤᠯᠪᠠ
ᠨᠡᠶᠢᠲᠡᠯᠡᠭᠰᠡᠨ ᠴᠠᠭ᠄
2023/8/30
     ᠰᠠᠨᠰᠢᠶᠠ ᠶᠢᠨ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠲᠣᠣᠷ ᠤᠨ ᠨᠥᠬᠦᠷᠰᠡᠭ ᠪᠣᠬᠢᠷᠲᠤᠯ ᠦᠭᠡᠢ ᠴᠠᠬᠢᠯᠭᠠᠨ ᠦᠷᠳᠡᠭᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠳᠠ ᠶᠢᠨ ᠳᠥᠷᠪᠡᠳ ᠬᠤᠰᠢᠭᠤᠨ ᠳᠤ ᠪᠠᠶᠢᠷᠢᠯᠠᠵᠤ᠂ ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 65.5 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠡᠨᠧᠷᠭᠢ ᠬᠠᠳᠠᠭᠠᠯᠠᠬᠤ ᠲᠣᠬᠢᠷᠠᠭᠤᠯᠤᠯᠲᠠ ᠶᠢᠨ ᠬᠡᠪᠴᠢᠶ᠎ᠡ ᠨᠢ ᠮᠢᠩᠭᠠᠨ ᠰᠠᠶ᠎ᠠ ᠸᠠᠲ ᠤᠨ ᠦᠶ᠎ᠡ ᠳᠤ ᠬᠦᠷᠦᠭᠰᠡᠨ ᠰᠢᠨ᠎ᠡ ᠡᠨᠧᠷᠭᠢ ᠶᠢᠨ ᠲᠠᠯᠠᠪᠤᠷ ᠦᠷᠳᠡᠭᠡ ᠪᠣᠯᠬᠤ ᠪᠥᠭᠡᠳ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ︽ᠡᠬᠢ ᠰᠤᠷᠪᠤᠯᠵᠢ ᠳᠤᠤᠷ ᠳᠠᠭᠠᠭᠠᠴᠠ ᠨᠦᠬᠡᠴᠡ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠦᠯ ᠵᠦᠢᠯ ᠪᠣᠯᠣᠨ᠎ᠠ᠃ 8 ᠰᠠᠷ᠎ᠠ ᠪᠣᠯᠲᠠᠯ᠎ᠠ᠂ ᠰᠠᠨᠰᠢᠶᠠ ᠶᠢᠨ ᠤᠯᠠᠭᠠᠨᠴᠠᠪ ᠤᠨ ᠰᠢᠨ᠎ᠡ ᠨᠢᠭᠡ ᠦᠶ᠎ᠡ ᠶᠢᠨ ᠴᠠᠬᠢᠯᠭᠠᠨ ᠲᠣᠣᠷ ᠤᠨ ᠨᠥᠬᠦᠷᠰᠡᠭ ᠪᠣᠬᠢᠷᠲᠤᠯ ᠦᠭᠡᠢ ᠴᠠᠬᠢᠯᠭᠠᠨ ᠦᠷᠳᠡᠭᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠬᠤᠶᠠᠳᠤᠭᠠᠷ᠂ ᠭᠤᠷᠪᠠᠳᠤᠭᠠᠷ ᠬᠤᠭᠤᠴᠠᠭᠠᠨ ᠤ ᠢᠵᠢ ᠪᠦᠷᠢᠳᠦᠭᠰᠡᠨ 220 ᠺᠢᠯᠤᠸᠤᠯᠲ ᠤᠨ ᠲᠣᠣᠷ ᠲᠤ ᠵᠠᠯᠭᠠᠬᠤ ᠢᠨᠵᠧᠨᠧᠷᠢᠩ ᠨᠢ ᠴᠠᠬᠢᠯᠭᠠᠨ ᠲᠠᠢ ᠬᠡᠯᠬᠢᠶ᠎ᠡ ᠶᠢ ᠠᠯᠤᠰᠯᠠᠭᠰᠠᠨ ᠬᠤᠶᠠᠳᠤᠭᠠᠷ ᠳᠡᠰ ᠤᠨ ᠠᠶᠤᠯ ᠲᠦᠭᠰᠢᠭᠦᠷᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠂ ᠡᠨᠡ ᠨᠢ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ︽ᠡᠬᠢ ᠰᠤᠷᠪᠤᠯᠵᠢ ᠳᠤᠤᠷ ᠳᠠᠭᠠᠭᠠᠴᠠ ᠨᠦᠬᠡᠴᠡ︾ ᠶᠢ ᠨᠢᠭᠡ ᠴᠣᠭᠴᠠᠵᠢᠭᠤᠯᠤᠭᠰᠠᠨ ᠡᠨᠡᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠪᠦᠬᠦ ᠱᠤᠭᠤᠮ ᠠᠴᠠ ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠬᠤ ᠠᠴᠠ ᠴᠠᠭ  ᠤᠨ ᠲᠣᠩᠭᠤᠷᠤᠤ ᠲᠣᠭᠠᠯᠠᠯ ᠳᠤ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃     ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠣᠷᠭᠢᠯ ᠤᠨ ᠴᠠᠬᠢᠯᠭᠠᠨ ᠬᠠᠩᠭᠠᠬᠤ ᠴᠢᠳᠠᠪᠤᠷᠢ ᠶᠢ 60 ᠲᠦᠮᠡᠨ ᠺᠢᠯᠣᠸᠠᠲ ᠲᠤ ᠬᠦᠷᠭᠡᠵᠦ᠂ ᠴᠠᠬᠢᠯᠭᠠᠨ ᠬᠦᠴᠦ ᠨᠢ ᠡᠮᠦᠨᠡᠲᠦ ᠬᠡᠰᠡᠭ ᠤᠨ ᠲᠣᠮᠣ ᠠᠵᠤ ᠦᠢᠯᠡᠳᠪᠦᠷᠢ ᠶᠢᠨ ᠠᠴᠢᠶᠠᠨ ᠤ ᠴᠠᠬᠢᠯᠭᠠᠨ ᠬᠠᠩᠭᠠᠬᠤ ᠬᠡᠷᠡᠭᠴᠡᠭᠡ ᠶᠢ ᠬᠠᠩᠭᠠᠵᠤ᠂ ᠴᠠᠬᠢᠯᠭᠠᠨ ᠲᠣᠣᠷ ᠤᠨ ᠰᠢᠩᠭᠡᠭᠡᠬᠦ ᠣᠷᠣᠨ ᠵᠠᠢ ᠶᠢ ᠡᠵᠡᠯᠡᠬᠦ ᠦᠭᠡᠢ᠂ ᠴᠠᠬᠢᠯᠭᠠᠨ ᠬᠠᠶᠠᠬᠤ ᠨᠤᠷᠮ᠎ᠠ ᠶᠢ 5% ᠠᠴᠠ ᠳᠣᠣᠷ᠎ᠠ ᠪᠠᠶᠢᠯᠭᠠᠬᠤ ᠪᠣᠯ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠣᠨ᠎ᠠ᠂ ᠨᠡᠩ ᠴᠤ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠡᠪ ᠳᠠᠭᠤᠷᠢᠶᠠᠯ ᠪᠣᠯᠬᠤ ᠲᠦᠷᠦᠯ ᠵᠦᠢᠯ ᠪᠣᠯᠭᠠᠨ ᠪᠦᠲᠦᠭᠡᠨ ᠪᠠᠶᠢᠭᠤᠯᠬᠤ ᠪᠣᠯᠣᠨ᠎ᠠ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2