ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠴᠢᠭᠤᠯᠤᠯᠲᠤ ᠬᠠᠭᠠᠯᠭ᠎ᠠ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/8/31
8 ᠰᠠᠷ᠎ᠠ ᠶᠢᠨ 29 ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠬᠤᠤ ᠮᠠᠨ ᠤ ᠬᠤᠲᠠ ᠶᠢᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠴᠢᠭᠤᠯᠤᠯᠲᠤ ᠬᠠᠭᠠᠯᠭ᠎ᠠ ᠬᠤᠲᠠ ᠳᠤ ᠬᠦᠷᠴᠦ ᠠᠵᠢᠯ ᠪᠠᠶᠢᠴᠠᠭᠠᠵᠤ᠂ ᠬᠤᠶᠠᠷ ᠬᠤᠲᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠢ     ᠴᠢᠭᠤᠯᠤᠯᠲᠤ ᠬᠠᠭᠠᠯᠭ᠎ᠠ ᠬᠤᠳᠠ ᠶᠢᠨ ᠨᠠᠮ ᠤᠨ ᠬᠤᠷᠢᠶᠠᠨ ᠤ ᠱᠦᠵᠢ ᠵᠤᠤ ᠸᠧᠨ ᠹᠧᠩ ᠵᠡᠷᠭᠡ ᠬᠤᠳᠠ ᠶᠢᠨ ᠤᠳᠤᠷᠢᠳᠤᠯᠭ᠎ᠠ ᠣᠷᠣᠯᠴᠠᠵᠠᠢ᠃     ᠰᠢᠨᠵᠢᠯᠡᠨ ᠪᠠᠶᠢᠴᠠᠭᠠᠬᠤ ᠶᠠᠪᠤᠴᠠ ᠳᠤ᠂ ᠲᠥᠯᠥᠭᠡᠯᠡᠭᠴᠢᠳ ᠤᠨ ᠪᠦᠯᠬᠦᠮ ᠦᠢᠯᠡᠳᠪᠦᠷᠢ ᠶᠢᠨ ᠲᠠᠰᠤᠭ ᠲᠤ ᠲᠦᠷᠦᠯ ᠵᠦᠢᠯ ᠢ ᠦᠵᠡᠵᠦ᠂ ᠲᠠᠨᠢᠯᠴᠠᠭᠤᠯᠭ᠎ᠠ ᠶᠢ ᠰᠣᠨᠣᠰᠴᠤ᠂ ᠴᠢᠭᠤᠯᠤᠯᠲᠤ ᠬᠠᠭᠠᠯᠭ᠎ᠠ ᠬᠤᠳᠠ ᠶᠢᠨ ᠴᠥᠩ ᠯᠢ ᠲᠣᠭᠤᠷᠢᠭ ᠤᠨ ᠲᠠᠶᠢᠽᠢ ᠬᠤᠳᠠ ᠶᠢᠨ ᠦᠵᠡᠰᠬᠦᠯᠡᠩ ᠤᠨ ᠣᠷᠳᠣᠨ᠂ ᠤᠯᠤᠰ ᠤᠨ ᠲᠠᠶᠢᠰᠠᠨ ᠠᠴᠠ ᠬᠠᠷᠠᠶᠢᠬᠤ ᠴᠠᠰᠤᠨ ᠳᠤ ᠭᠤᠯᠭᠤᠬᠤ ᠲᠥᠪ ᠲᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠠᠢ ᠣᠷᠳᠣᠨ ᠤ ᠤᠷᠤᠯᠳᠤᠭᠠᠨ ᠤ ᠳᠠᠷᠠᠭᠠᠬᠢ ᠠᠰᠢᠭᠯᠠᠯᠲᠠ ᠪᠣᠯᠣᠨ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ︔ ᠴᠢ ᡁᠢ ᠨᠢᠯᠬ᠎ᠠ ᠬᠡᠦᠬᠡᠳ ᠤᠨ ᠰᠦᠨ ᠤ ᠪᠦᠲᠦᠭᠡᠭᠳᠡᠬᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠵᠠᠭᠤᠨ ᠺᠢᠯᠣᠸᠠᠲ ᠤᠨ ᠲᠡᠷᠢᠭᠦᠨ ᠤ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠦᠷᠦᠯ ᠵᠦᠢᠯ᠂ ᠠ ᠯᠢ ᠪᠠ ᠪᠠ ᠶᠢᠨ ᠮᠢᠶᠣᠤ ᠲᠠᠨ ᠤ ᠬᠤᠶᠠᠳᠤᠭᠠᠷ ᠬᠤᠭᠤᠴᠠᠭᠠᠨ ᠤ ᠲᠤᠭ᠎ᠠ ᠪᠠᠷᠢᠮᠲᠠ ᠶᠢᠨ ᠲᠥᠪ ᠲᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠴᠢᠭᠤᠯᠤᠯᠲᠤ ᠬᠠᠭᠠᠯᠭ᠎ᠠ ᠶᠢᠨ ᠰᠦᠨ ᠤ ᠦᠢᠯᠡᠰ᠂ ᠰᠢᠨ᠎ᠡ ᠡᠨᠧᠷᠭᠢ᠂ ᠲᠣᠮᠣ ᠳ᠋ᠠᠶᠢᠲ᠋ᠠ ᠵᠡᠷᠭᠡ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠪᠠ᠃     ᠰᠦᠢ ᠸᠧᠢ ᠵᠢᠶᠦ᠋ᠨ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠳᠤ ᠴᠢᠭᠤᠯᠤᠯᠲᠤ ᠬᠠᠭᠠᠯᠭ᠎ᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠨᠡᠨᠬᠦ ᠮᠡᠳᠡᠷᠡᠵᠡᠢ᠂ ᠴᠢᠭᠤᠯᠤᠯᠲᠤ ᠬᠠᠭᠠᠯᠭ᠎ᠠ ᠶᠢᠨ ᠠᠵᠤ ᠦᠢᠯᠡᠰ ᠤᠨ ᠬᠥᠭᠵᠢᠯᠲᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠰᠤᠷᠤᠯᠴᠠᠵᠦ ᠲᠣᠯᠢ ᠪᠣᠯᠭᠠᠭᠤᠰᠢᠲᠠᠢ ᠶᠤᠮ᠃ ᠤᠯᠠᠭᠠᠨᠴᠠᠪ ᠨᠢ ᠴᠢᠭᠤᠯᠤᠯᠲᠤ ᠬᠠᠭᠠᠯᠭ᠎ᠠ ᠲᠠᠢ ᠬᠥᠷᠰᠢᠯᠡᠵᠦ᠂ ᠰᠣᠶᠣᠯ ᠢᠷᠭᠡᠨᠰᠢᠯ ᠤᠨ ᠲᠠᠯ᠎ᠠ ᠪᠠᠷ᠂ ᠵᠠᠩ ᠳᠠᠳᠬᠠᠯ  ᠨᠢ ᠠᠳᠠᠯᠢᠪᠲᠤᠷ ᠪᠠᠶᠢᠵᠤ᠂ ᠤᠷᠳᠤ ᠴᠠᠭᠠᠨ ᠬᠡᠷᠡᠮ ᠤᠨ ᠬᠤᠷᠮᠣᠢ ᠳᠤ ᠭᠦᠨ ᠵᠤᠵᠠᠭᠠᠨ ᠨᠥᠬᠦᠷᠯᠡᠯ ᠲᠠᠢ ᠪᠣᠯᠵᠠᠢ᠃ ᠪᠢᠳᠠ ᠬᠠᠮᠲᠤᠪᠠᠷ ᠴᠢᠷᠮᠠᠶᠢᠵᠤ᠂ ᠰᠣᠯᠢᠯᠴᠠᠭ᠎ᠠ ᠪᠠᠨ ᠨᠢᠭᠲᠠᠷᠠᠭᠤᠯᠵᠤ᠂ ᠵᠠᠮ ᠬᠠᠷᠢᠯᠴᠠᠭ᠎ᠠ ᠬᠠᠷᠢᠯᠴᠠᠨ ᠬᠤᠯᠪᠣᠭᠠᠯᠠᠬᠤ ᠂ ᠠᠵᠤ ᠦᠢᠯᠡᠰ ᠤᠨ ᠠᠭᠤᠰᠤᠯᠴᠠᠯ᠂ ᠠᠮᠢ ᠠᠬᠤᠢ ᠶᠢ ᠬᠠᠮᠲᠤᠪᠠᠷ ᠵᠠᠰᠠᠬᠤ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠭᠠᠷ ᠬᠤᠯᠪᠣᠨ ᠡᠷᠡᠯᠬᠡᠭᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃     ᠵᠤᠤ ᠸᠧᠨ ᠹᠧᠩ ᠮᠠᠨ ᠤ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠴᠢᠭᠤᠯᠤᠯᠲᠤ ᠬᠠᠭᠠᠯᠭ᠎ᠠ ᠪᠣᠯᠣᠨ ᠤᠯᠠᠭᠠᠨᠴᠠᠪ ᠭᠦᠨ ᠵᠤᠵᠠᠭᠠᠨ ᠡᠬᠢ ᠰᠤᠷᠪᠤᠯᠵᠢ ᠲᠠᠢ᠂ ᠤᠷᠳᠤ ᠬᠤᠭᠤᠴᠠᠭᠠᠨ ᠤ ᠲᠤᠷᠰᠢ ᠨᠢᠭᠲᠠ ᠶᠠᠪᠤᠯᠴᠠᠭ᠎ᠠ ᠪᠠᠨ ᠪᠠᠲᠤᠯᠠᠭᠰᠠᠭᠠᠷ ᠢᠷᠡᠵᠠᠢ᠃ ᠬᠤᠶᠠᠷ ᠬᠤᠳᠠ ᠶᠢᠨ ᠬᠢᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠤᠷᠤᠯᠴᠠᠵᠥ ᠬᠠᠷᠢᠯᠴᠠᠨ ᠲᠣᠯᠢ ᠪᠣᠯᠭᠠᠵᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠵᠤ᠂ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠬᠤᠳᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃     ᠰᠢᠨᠵᠢᠯᠡᠨ ᠪᠠᠶᠢᠴᠠᠭᠠᠬᠤ ᠶᠠᠪᠤᠴᠠ ᠳᠤ᠂ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠭᠦᠨ ᠨᠠᠷ ᠨᠢᠭᠡ ᠵᠠᠮ ᠢᠶᠠᠷ ᠰᠤᠷᠤᠯᠴᠠᠵᠤ᠂ ᠨᠢᠭᠡ ᠵᠠᠮ ᠢᠶᠠᠷ ᠰᠣᠯᠢᠯᠴᠠᠵᠤ᠂ ᠨᠢᠭᠡ ᠵᠠᠮ ᠢᠶᠠᠷ ᠰᠡᠳᠬᠢᠨ ᠪᠣᠳᠣᠯᠬᠢᠯᠠᠵᠤ᠂ ᠴᠢᠭᠤᠯᠤᠯᠲᠤ ᠬᠠᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠣᠯᠣᠭᠰᠠᠨ ᠲᠣᠪᠣᠶᠢᠮ᠎ᠠ ᠦᠷ᠎ᠡ ᠪᠦᠲᠦᠮᠵᠢ ᠶᠢ ᠪᠡᠶ᠎ᠡ ᠪᠠᠷ ᠢᠶᠠᠨ ᠮᠡᠳᠡᠷᠡᠵᠦ᠂ ᠦᠵᠡᠯ ᠰᠠᠨᠠᠭ᠎ᠠ ᠪᠠᠨ ᠴᠢᠯᠦᠭᠡᠯᠡᠵᠦ᠂ ᠰᠡᠳᠬᠢᠴᠡ ᠪᠠᠨ ᠥᠷᠭᠡᠳᠬᠡᠵᠦ᠂ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢᠶᠠᠨ ᠲᠦᠷᠭᠡᠨ ᠬᠤᠪᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2