ᠯᠢᠶᠡᠩᠴᠧᠩ ᠰᠢᠶᠠᠨ ᠤ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠡᠯᠪᠡᠭ ᠬᠤᠷᠢᠶᠠᠯᠲᠠ ᠣᠯᠵᠤ ᠵᠢᠯ ᠤᠨ ᠤᠨᠠᠯᠲᠠ ᠨᠢ 3 ᠲᠦᠮᠡᠨ ᠲᠣᠨ ᠳᠤ ᠬᠦᠷᠦᠨ᠎ᠡ
ᠨᠡᠶᠢᠲᠡᠯᠡᠭᠰᠡᠨ ᠴᠠᠭ᠄
2023/8/31
    ᠯᠢᠶᠡᠩᠴᠧᠩ ᠰᠢᠶᠠᠨ ᠤ ᠬᠢᠨ ᠲᠠᠷᠢᠶᠠᠯᠠᠩ ᠤᠨ ᠪᠦᠲᠦᠴᠡ ᠳᠤ ᠲᠣᠬᠢᠷᠠᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠳᠦᠷᠦᠯ ᠵᠦᠢᠯ ᠢ ᠣᠷᠣᠭᠤᠯᠤᠨ ᠠᠪᠴᠢᠷᠠᠬᠤ᠂ ᠰᠢᠨ᠎ᠡ ᠠᠵᠤ ᠦᠢᠯᠡᠰ ᠢ ᠪᠣᠶᠢᠵᠢᠭᠤᠯᠬᠤ ᠲᠠᠯ᠎ᠠ ᠪᠠᠷ ᠬᠦᠴᠦ ᠣᠷᠣᠭᠤᠯᠪᠡ᠃ ᠠᠵᠤ ᠠᠬᠤᠶᠢᠯᠠᠯ ᠢᠶᠠᠷ ᠳᠠᠶᠢᠴᠢᠯᠠᠬᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ᠂ ᠲᠠᠩᠰᠠ ᠪᠤᠳᠤᠵᠤ ᠬᠠᠷᠢᠴᠠᠭᠤᠯᠬᠤ᠂ ᠲᠠᠷᠢᠶᠠᠴᠢᠳ ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠬᠦ ᠵᠡᠷᠭᠡ ᠠᠷᠭ᠎ᠠ ᠪᠠᠷ ᠳᠠᠮᠵᠢᠭᠤᠯᠤᠨ᠂ ᠲᠠᠷᠢᠮᠠᠯ ᠤᠨ ᠦᠢᠯᠡᠰ ᠤᠨ ᠪᠦᠲᠦᠴᠡ ᠶᠢ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠲᠠᠷᠢᠮᠠᠯ ᠲᠡᠰᠢ ᠲᠣᠬᠢᠷᠠᠭᠤᠯᠬᠤ ᠶᠢ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠠᠬᠢᠶᠠᠯᠠᠭ᠎ᠠ ᠶᠢᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠵᠡᠷᠭᠡ ᠠᠵᠤ ᠠᠬᠤᠢ ᠶᠢᠨ ᠦᠷ᠎ᠡ ᠠᠰᠢᠭ ᠢᠶᠠᠷ ᠥᠨᠳᠥᠷ ᠣᠨᠴᠠᠯᠢᠭᠲᠤ ᠲᠠᠷᠢᠮᠠᠯ ᠳᠠᠷᠢᠭᠤᠯᠤᠨ᠎ᠡ᠃ ᠡᠨᠡ ᠵᠢᠯ᠂ ᠯᠢᠶᠡᠩᠴᠧᠩ ᠰᠢᠶᠠᠨ ᠤ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠲᠠᠷᠢᠮᠠᠯ  ᠨᠢ ᠭᠤᠣᠯᠳᠠᠭᠤ ᠮᠠᠶᠢᠬᠤᠳᠤ ᠪᠠᠯᠭᠠᠰᠤ᠂ ᠳᠠᠭ᠎ᠠ ᠶᠢᠨ ᠨᠠᠭᠤᠷ ᠤᠨ ᠪᠠᠯᠭᠠᠰᠤ᠂ ᠶᠦᠩ ᠰᠢᠩ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ ᠪᠠ ᠮᠠᠩᠬᠠᠨ ᠪᠠᠯᠭᠠᠰᠤ ᠪᠠᠷ ᠲᠠᠷᠬᠠᠵᠤ᠂ ᠳᠠᠷᠢᠬᠤ ᠲᠠᠯᠠᠪᠠᠶ ᠨᠢ 2 ᠲᠦᠮᠡ ᠭᠠᠷᠤᠢ ᠮᠦ ᠳᠤ ᠬᠦᠷᠴᠦ᠂ ᠣᠲᠣ ᠡᠷᠳᠡᠨᠢ ᠰᠢᠰᠢ ᠶᠢᠨ ᠤᠨᠠᠯᠲᠠ ᠨᠢᠭᠡᠨᠲᠡ ᠶᠡᠭᠡ ᠬᠡᠪᠴᠢᠶ᠎ᠡ ᠪᠠᠷ ᠪᠣᠯᠪᠠᠰᠤᠷᠠᠵᠤ᠂ ᠮᠦ ᠪᠦᠷᠢ ᠶᠢᠨ ᠤᠨᠠᠯᠲᠠ ᠨᠢ 1.5 ᠲᠣᠨ ᠣᠷᠴᠢᠮ ᠪᠠᠶᠢᠵᠤ᠂ ᠮᠦ ᠪᠦᠷᠢ ᠶᠢᠨ ᠣᠷᠣᠯᠭ᠎ᠠ ᠨᠢ 1500 ᠭᠠᠷᠤᠢ ᠲᠥᠭᠦᠷᠢᠭ ᠲᠤ ᠬᠦᠷᠴᠡᠢ᠃ ᠭᠤᠣᠯᠳᠠᠭᠤ ᠾᠧᠪᠧᠢ ᠮᠤᠵᠢ ᠶᠢᠨ ᠲᠠᠩᠱᠠᠨ᠂ ᠴᠢᠨ ᠬᠤᠸᠠᠩ ᠳ᠋ᠣᠣ᠂ ᠱᠠᠨᠳᠦ᠋ᠩ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠃ ᠣᠳᠣᠬᠠᠨ ᠳᠤ ᠡᠯ᠎ᠡ ᠰᠢᠶᠠᠩ ᠪᠠᠯᠭᠠᠰᠤ ᠶᠠᠭ ᠰᠠᠶᠢᠬᠠᠨ ᠲᠡᠭᠦᠵᠦ ᠬᠤᠷᠢᠶᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ ᠪᠠᠶᠢᠨ᠎ᠠ᠃     ᠰᠢᠨ᠎ᠡ ᠰᠣᠷᠭᠤᠭ ᠢᠳᠡᠰᠢᠲᠦ ᠡᠷᠳᠡᠨᠢ ᠰᠢᠰᠢ ᠶᠢ ᠪᠠᠰᠠ ᠵᠢᠮᠢᠰ ᠤᠨ ᠡᠷᠳᠡᠨᠢ ᠰᠢᠰᠢ ᠭᠡᠳᠡᠭ᠂ ᠦᠷ᠎ᠡ ᠶᠢᠨ ᠮᠥᠬᠦᠯᠢᠭ ᠤᠨ ᠳᠣᠲᠣᠷ᠎ᠠ ᠣᠯᠠᠨ ᠵᠦᠢᠯ ᠤᠨ ᠸᠢᠲ᠋ᠠᠮᠢᠨ ᠤ ᠲᠥᠷᠥᠯ ᠤᠨ ᠪᠣᠳᠠᠰ ᠪᠠ ᠬᠥᠮᠥᠨ ᠤ ᠪᠡᠶ᠎ᠡ ᠳᠤ ᠬᠡᠷᠡᠭᠴᠡᠭᠡ ᠲᠠᠢ 8 ᠵᠦᠢᠯ ᠤᠨ ᠰᠢᠪᠲᠦᠷᠲᠦ ᠬᠦᠴᠢᠯ ᠠᠭᠤᠯᠵᠤ ᠪᠠᠶᠢᠳᠠᠭ᠂ ᠠᠮᠲᠠ ᠨᠢ ᠰᠢᠬᠢᠷᠯᠢᠭ᠂ ᠬᠡᠪᠡᠷᠡᠭ᠂ ᠠᠮᠲᠠᠲᠠᠢ᠂ ᠰᠢᠮ᠎ᠡ ᠲᠡᠵᠢᠭᠡᠯ ᠡᠯᠪᠡᠭ᠂ ᠠᠮᠲᠠᠲᠠᠢ ᠮᠥᠷᠲᠡᠭᠡᠨ ᠰᠣᠷᠭᠤᠭ ᠵᠥᠭᠡᠯᠡᠨ᠂ ᠬᠡᠦᠷᠡᠭ ᠮᠥᠷᠲᠡᠭᠡᠨ ᠰᠢᠭᠠᠷᠤ  ᠨᠢ ᠴᠥᠭᠡᠨ ᠪᠠᠶᠢᠳᠠᠭ ᠣᠨᠴᠠᠯᠢᠭ ᠲᠠᠢ᠂ ᠶᠡᠷᠦ ᠠᠴᠠ ︽ᠵᠢᠮᠢᠰ ᠤᠨ ᠸᠠᠩ︾ ︽ᠢᠳᠡᠰᠢᠨ ᠨᠣᠭᠤᠭᠠᠨ ᠤ ᠸᠠᠩ︾ ᠭᠡᠰᠡᠨ ᠰᠠᠶᠢᠬᠠᠨ ᠠᠯᠳᠠᠷᠲᠠᠢ᠂ ᠵᠠᠬ᠎ᠠ ᠳᠡᠯᠭᠡᠭᠦᠷ ᠤᠨ ᠢᠷᠡᠭᠡᠳᠦᠢ ᠨᠡᠯᠢᠶᠡᠳ ᠰᠠᠶᠢᠨ ᠪᠠᠶᠢᠳᠠᠭ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2