ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ᠂ ᠲᠠᠷᠢᠶᠠᠯᠠᠩ ᠤᠨ ᠲᠥᠬᠦᠭᠡᠷᠦᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/8/4
   8 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠪᠠᠶᠢᠭᠤᠯᠤᠯ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ ᠪᠠᠶᠢᠯᠳᠤᠬᠤ ᠪᠣᠳᠣᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠲᠥᠬᠦᠭᠡᠷᠦᠮᠵᠢ ᠶᠢᠨ ᠪᠣᠳᠠᠰ ᠤᠨ ᠡᠷᠬᠡ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠥᠭᠡᠴᠡᠯᠡᠬᠦ ᠲᠦᠷᠦᠯ ᠵᠦᠢᠯ ᠤᠨ ᠪᠦᠲᠦᠴᠡ ᠶᠢ ᠰᠢᠯᠢᠳᠡᠭᠵᠢᠭᠦᠯᠵᠦ᠂ ᠡᠳ᠋ ᠪᠣᠳᠠᠰ ᠤᠨ ᠨᠥᠭᠡᠴᠡᠯᠡᠯᠲᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠠᠨ ᠳᠡᠰ ᠳᠠᠪᠬᠤᠷᠭ᠎ᠠ ᠶᠢᠨ ᠤᠯᠠᠨ ᠡᠰᠢᠴᠢᠯᠡᠭᠰᠡᠨ ᠨᠥᠭᠡᠴᠡᠯᠡᠬᠦ ᠰᠢᠰᠲ᠋ᠧᠮ ᠢ ᠪᠠᠶᠢᠭᠤᠯᠵᠤ᠂ ᠨᠥᠭᠡᠴᠡᠯᠡᠬᠦ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠥᠭᠡᠴᠡᠯᠡᠬᠦ ᠪᠣᠳᠠᠲᠤ ᠬᠦᠴᠦᠨ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠥᠩᠭᠦᠨ ᠭᠦᠢᠯᠭᠡᠭᠡᠨ ᠢᠶᠠᠷ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠲᠠᠷᠢᠶᠠᠯᠠᠩ ᠤᠨ ᠲᠥᠬᠦᠭᠡᠷᠦᠮᠵᠢ ᠶᠢᠨ ᠪᠣᠳᠠᠰ ᠤᠨ ᠡᠷᠬᠡ ᠶᠢ ᠳᠠᠩᠰᠠᠯᠠᠬᠤ ᠠᠵᠢᠯ ᠤᠨ ᠪᠣᠳᠠᠲᠤ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠯᠠᠨ ᠡᠰᠢᠴᠢᠯᠡᠭᠰᠡᠨ ᠮᠥᠩᠭᠦᠨ ᠭᠦᠢᠯᠭᠡᠭᠡᠨ ᠤ ᠦᠢᠯᠡᠳᠬᠦᠨ ᠢ ᠬᠠᠩᠭᠠᠵᠤ᠂ ᠢᠲᠡᠭᠡᠮᠵᠢᠲᠦ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠬᠤᠶᠢᠰᠢᠳᠠ ᠶᠢᠨ ᠦᠷᠳᠡᠭ ᠢ ᠦᠨᠡᠯᠡᠨ ᠵᠢᠱᠢᠬᠦ᠂ ᠡᠷᠭᠢᠯᠳᠦᠭᠦᠯᠦᠨ ᠠᠷᠠᠯᠵᠢᠶᠠᠯᠠᠬᠤ᠂ ᠪᠡᠯᠡᠨ ᠵᠣᠭᠤᠰ ᠪᠣᠯᠭᠠᠬᠤ᠂ ᠪᠠᠷᠢᠴᠠᠭᠠᠲᠤ ᠵᠢᠭᠡᠯᠡᠯᠭᠡ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠳᠤ ᠨᠡᠩ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2