ᠶᠠᠰᠤ ᠴᠢᠨᠠᠷ ᠢ ᠳᠡᠩᠴᠡᠬᠦᠷᠢᠰᠢᠬᠦᠯᠵᠦ᠂ ᠰᠢᠯᠢᠳᠡᠭ ᠢ ᠦᠷᠭᠡᠳᠭᠡᠨ᠎ᠡ ︱ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠠᠭᠤᠷᠢ ᠰᠤᠷᠭᠠᠨ ᠬᠥᠮᠦᠵᠢᠯ ᠤᠨ ᠲᠤᠬᠠᠢ ᠬᠤᠶᠠᠷ ᠰᠠᠨᠠᠯ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2023/8/7
  ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢ ᠨᠢ ᠰᠠᠭᠤᠷᠢ ᠰᠤᠷᠭᠠᠨ ᠬᠥᠮᠦᠵᠢᠯ ᠳᠤ ᠪᠤᠢ᠃ ᠲᠦᠷᠦᠭᠦᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠶᠠᠰᠤ ᠴᠢᠨᠠᠷ ᠢ ᠳᠡᠩᠴᠡᠬᠦᠷᠢᠰᠢᠬᠦᠯᠦᠭᠰᠡᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠠᠴᠠ ︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠰᠢᠯᠢᠳᠡᠭᠵᠢᠬᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ ᠤᠨ ᠶᠠᠮᠤᠨ 30 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠡᠨᠡ ᠬᠤᠶᠠᠷ ᠰᠠᠨᠠᠯ ᠢ ᠲᠠᠨᠢᠯᠴᠠᠭᠤᠯᠪᠠ᠃   ᠰᠢᠯᠢᠳᠡᠭ ᠪᠥᠭᠡᠳ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ   ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡ ᠭᠡᠳᠡᠭ ᠨᠢ ᠪᠥᠬᠦ ᠠᠷᠠᠳ ᠲᠦᠮᠡᠨ ᠤ ᠣᠷᠣᠰᠢᠨ ᠲᠣᠭᠲᠠᠨᠢᠬᠤ ᠪᠠ ᠬᠥᠭᠵᠢᠯᠲᠡ ᠶᠢᠨ ᠦᠨᠳᠦᠰᠦᠨ ᠬᠡᠷᠡᠭᠴᠡᠭᠡ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠰᠠᠭᠤᠷᠢ ᠴᠢᠨᠠᠷᠲᠠᠢ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠳᠤ᠂ ᠵᠠᠰᠠᠭ ᠤᠨ ᠣᠷᠳᠣᠨ ᠠᠴᠠ ᠬᠠᠩᠭᠠᠯᠭ᠎ᠠ ᠶᠢ ᠪᠠᠲᠤᠯᠠᠬᠤ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠡᠵᠡᠩᠨᠡᠯᠲᠡ ᠶᠢᠨ ᠭᠤᠣᠯ ᠴᠣᠭᠴᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠩᠭᠠᠯᠭ᠎ᠠ ᠶᠢ ᠨᠥᠬᠦᠪᠦᠷᠢᠯᠡᠬᠦ ᠶᠢ ᠵᠢᠭᠠᠵᠤ ᠪᠣᠶ᠃   ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠲᠢᠶᠠᠨ ᠽᠦ ᠶᠢᠨ ᠲᠠᠨᠢᠯᠴᠠᠭᠤᠯᠬᠤ ᠳᠠᠭᠠᠨ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠳᠤ ᠭᠤᠣᠯᠳᠠᠭᠤ ᠭᠤᠷᠪᠠᠨ ᠲᠠᠯ᠎ᠠ ᠶᠢ ᠪᠠᠭᠲᠠᠭᠠᠨ᠎ᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠯᠠᠬᠤ ᠳᠤ ︽ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠬᠤ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠰᠤᠷᠤᠭᠴᠢᠳ ᠢ ᠲᠡᠳᠬᠦᠨ ᠲᠤᠰᠠᠯᠠᠬᠤ ᠶᠢ ᠪᠠᠲᠤᠯᠠᠬᠤ ᠳᠤ ︽ᠲᠤᠰᠠᠯᠠᠪᠠᠰᠤ ᠵᠣᠬᠢᠬᠤ ᠶᠢ ᠨᠢ ᠴᠥᠮ ᠲᠤᠰᠠᠯᠠᠬᠤ︾ ᠶᠢ ᠪᠡᠶᠡᠯᠡᠭᠦᠯᠬᠦ ᠬᠡᠷᠡᠭᠲᠡᠢ᠃ ᠵᠠᠯᠠᠭᠤ ᠪᠠᠭ᠎ᠠ ᠰᠤᠷᠤᠭᠴᠢᠳ ᠲᠤ ᠬᠠᠨᠳᠤᠭᠤᠯᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠣᠶᠣᠯ ᠪᠡᠶ᠎ᠡ ᠶᠢᠨ ᠲᠠᠮᠢᠷ᠂ ᠠᠵᠢᠯ ᠣᠯᠭᠤᠯᠲᠠ ᠦᠢᠯᠡᠰ ᠪᠣᠰᠬᠠᠬᠤ ᠵᠡᠷᠭᠡ ᠪᠤᠰᠤᠳ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠪᠠᠲᠤᠯᠠᠬᠤ ᠳᠤ ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ︾ ᠶᠢ ᠪᠡᠶᠡᠯᠡᠭᠦᠯᠬᠦ ᠬᠡᠷᠡᠭᠲᠡᠢ᠃   ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠵᠠᠩᠭᠢᠯᠠᠭ᠎ᠠ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠶᠢ ᠪᠦᠬᠦ ᠲᠠᠯ᠎ᠠ ᠪᠠᠷ ᠪᠠᠲᠤᠯᠠᠬᠤ ᠳᠤ ᠪᠠᠶᠢᠨ᠎ᠠ᠃ ᠲᠢᠶᠠᠨ ᠽᠦ ᠶᠢᠨ ᠢᠯᠡᠷᠬᠡᠶᠢᠯᠡᠬᠦ ᠳᠡᠭᠡᠨ᠂ ᠣᠳᠣᠬᠠᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠤ᠂ ᠬᠠᠮᠳᠤᠯᠢᠭ ᠵᠡᠷᠭᠡ ᠳᠥᠷᠪᠡᠨ ᠶᠡᠭᠡ ᠵᠥᠷᠢᠶ᠎ᠡ ᠳᠤ ᠲᠤᠯᠭᠠᠷᠠᠵᠤ ᠪᠠᠶᠢᠨ᠎ᠠ᠃   ︽ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾ ᠳᠤ᠂ ᠰᠤᠷᠭᠠᠭᠤᠯᠢ ᠶᠢᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠲᠦᠷᠭᠡᠪᠴᠢᠯᠡᠨ ᠪᠠᠭᠠᠰᠬᠠᠨ᠎ᠠ᠃ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠨᠢᠭᠡ ᠴᠣᠭᠴᠠᠵᠢᠯᠲᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠶᠠᠨ ᠤ ᠬᠡᠪᠴᠢᠶᠡᠨ ᠳᠠᠬᠢ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠲᠦᠷᠭᠡᠳᠬᠡᠨ ᠪᠠᠭᠠᠰᠬᠠᠨ᠎ᠠ᠃ ᠪᠠᠭᠰᠢ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠢ ᠪᠠᠶᠢᠯᠭᠠᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠰᠤᠷᠭᠠᠭᠤᠯᠢ ᠡᠷᠭᠢᠯᠡᠬᠦ ᠶᠠᠰᠤ ᠴᠢᠨᠠᠷ ᠤᠨ ᠵᠥᠷᠢᠶ᠎ᠡ ᠶᠢ ᠲᠦᠷᠭᠡᠳᠬᠡᠨ ᠪᠠᠭᠠᠰᠬᠠᠨ᠎ᠠ᠃ ᠰᠤᠷᠭᠠᠨ ᠬᠥᠮᠦᠵᠢᠯ ᠤᠨ ᠬᠠᠶᠢᠷ᠎ᠠ ᠬᠠᠯᠠᠮᠵᠢ ᠶᠢᠨ ᠳᠦᠷᠢᠮᠵᠢᠯ ᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠠᠮᠳᠤᠯᠢᠭ ᠤᠨ ᠰᠤᠷᠭᠠᠨ ᠬᠥᠮᠦᠵᠢᠯ ᠤᠨ ᠵᠥᠷᠢᠶ᠎ᠡ ᠶᠢ ᠲᠦᠷᠭᠡᠪᠴᠢᠯᠡᠨ ᠪᠠᠭᠠᠰᠬᠠᠨ᠎ᠠ᠃   ᠰᠠᠨᠠᠯ ᠤᠨ ᠪᠠᠷᠠᠯᠠᠯ ᠳᠤ᠂ 2027 ᠣᠨ ᠪᠣᠯᠬᠤ ᠳᠤ᠂ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠬᠠᠩᠭᠠᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠵᠠᠷᠤᠳᠠᠯ ᠤᠨ ᠣᠷᠣᠭᠤᠯᠤᠯᠲᠠ᠂ ᠵᠠᠰᠠᠯᠲᠠ ᠶᠢᠨ ᠰᠢᠰᠲ᠋ᠧᠮᠵᠢ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠡᠷᠡᠭᠴᠡᠭᠡ ᠳᠤ ᠵᠣᠬᠢᠴᠠᠭᠤᠯᠵᠤ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠵᠣᠩᠬᠢᠯᠠᠬᠤ ᠣᠯᠠᠨ ᠲᠣᠭᠠᠨ ᠤ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠦᠨ᠂ ᠰᠤᠷᠬᠤ ᠨᠠᠰᠤᠨ ᠤ ᠰᠤᠷᠤᠭᠴᠢᠳ ᠲᠤ ᠲᠥᠪ ᠭᠤᠥᠯᠴᠢ ᠴᠢᠨᠠᠷ ᠰᠠᠶᠢᠲᠠᠢ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠡᠳ᠋ᠯᠡᠭᠦᠯᠵᠦ᠂ ᠶᠡᠷᠦᠩᠬᠡᠢ ᠬᠢᠷᠢ ᠬᠡᠮᠵᠢᠶ᠎ᠡ ᠶᠢ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠭᠤᠯᠤᠨ᠎ᠠ᠃   ᠨᠠᠩ ᠲᠥᠪ ᠭᠤᠥᠯᠴᠢ᠂ ᠨᠠᠩ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ   ᠰᠤᠷᠭᠠᠨ ᠬᠥᠮᠦᠵᠢᠯ ᠤᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2022 ᠣᠨ ᠳᠤ᠂ ᠪᠥᠬᠦ ᠤᠯᠤᠰ ᠤᠨ ᠰᠤᠷᠬᠤ ᠨᠠᠰᠤᠨ   ᠠᠴᠠ ᠡᠮᠦᠨᠡᠬᠢ ᠭᠤᠷᠪᠠᠨ ᠵᠢᠯ ᠤᠨ ᠬᠡᠦᠬᠡᠳ ᠤᠨ ᠴᠡᠴᠡᠷᠯᠢᠭ ᠲᠤ ᠣᠷᠣᠭᠰᠠᠨ ᠨᠣᠷᠮ᠎ᠠ 89.7%᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 95.5%᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠨᠣᠷᠮ᠎ᠠ 91.6% ᠪᠠᠶᠢᠵᠤ᠂ 2012 ᠣᠨ ᠤ ᠬᠢ ᠠᠴᠠ ᠲᠣᠰ ᠲᠣᠰ 25.2%᠂ 3.7%᠂ 6.6% ᠪᠠᠷ ᠳᠡᠭᠡᠭᠰᠢᠯᠡᠵᠡᠢ᠃ ᠰᠤᠷᠭᠠᠭᠤᠯᠢ ᠳᠤ ᠣᠷᠣᠬᠤ ᠨᠠᠰᠤᠨ ᠤ ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ 95% ᠶᠢ ᠳᠠᠪᠠᠵᠤ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠶᠡᠷᠦᠩᠬᠡᠢ ᠳᠡᠭᠡᠨ ᠳᠡᠯᠡᠬᠡᠢ ᠶᠢᠨ ᠳᠤᠮᠳᠠ ᠳᠡᠭᠡᠳᠦ ᠡᠩᠨᠡᠭᠡᠨ ᠳᠤ ᠣᠷᠣᠪᠠ᠃   ︽ᠡᠭᠦᠨ ᠤ ᠵᠡᠷᠭᠡ ᠳᠤ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠵᠤ᠂ ᠴᠢᠨᠠᠷ ᠰᠠᠶᠢᠲᠠᠢ ᠡᠬᠢ ᠪᠠᠶᠠᠯᠢᠭ ᠶᠡᠷᠦᠩᠬᠡᠢ ᠳᠡᠭᠡᠨ ᠬᠦᠷᠦᠯᠴᠡᠬᠦ ᠦᠭᠡᠢ᠂ ᠲᠣᠬᠢᠷᠠᠭᠤᠯᠤᠯᠲᠠ ᠨᠢ ᠵᠢᠭᠳᠡ ᠪᠤᠰᠤ᠂ ᠬᠥᠮᠥᠨ ᠬᠥᠮᠥᠵᠢᠭᠦᠯᠬᠦ ᠬᠢᠷᠢ ᠲᠦᠪᠰᠢᠨ ᠢ ᠮᠥᠨ ᠬᠦ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠡᠷᠬᠡᠪᠰᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠲᠥᠪ ᠭᠤᠥᠯᠴᠢ᠂ ᠨᠠᠩ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠢ ᠭᠡᠳᠡᠭ ᠢ ᠪᠢᠳᠡ ᠪᠠᠰᠠ ᠰᠡᠷᠭᠡᠭ ᠢᠶᠠᠷ ᠣᠯᠵᠤ ᠬᠠᠷᠠᠬᠤ ᠬᠡᠷᠡᠭᠲᠡᠢ︾ ᠭᠡᠵᠦ ᠲᠢᠶᠠᠨ ᠽᠦ ᠶᠢᠨ ᠬᠡᠯᠡᠪᠡ᠃︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠰᠠᠨᠠᠯ︾ ᠳᠤ 8 ᠵᠦᠢᠯ ᠤᠨ ᠠᠵᠢᠯᠯᠠᠭ᠎ᠠ ᠶᠢ ᠳᠤᠷᠠᠳᠪᠠ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠨᠡᠶᠢᠳᠡᠮ ᠠᠰᠢᠭ ᠬᠦᠷᠲᠡᠭᠡᠬᠦ ᠪᠠᠲᠤᠯᠠᠭ᠎ᠠ ᠶᠢᠨ ᠠᠵᠢᠯᠯᠠᠭ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠬᠦᠴᠦᠷᠬᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢᠨ ᠠᠵᠢᠯᠯᠠᠭ᠎ᠠ᠂ ᠣᠨᠴᠣᠭᠤᠢ ᠰᠤᠷᠭᠠᠨ ᠬᠥᠮᠦᠵᠢᠯ ᠤᠨ ᠰᠤᠷᠤᠭᠴᠢᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ᠂ ᠬᠡᠪ ᠴᠢᠨᠠᠷ ᠤᠨ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠠᠵᠢᠯᠯᠠᠭ᠎ᠠ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠵᠢᠯᠯᠠᠭ᠎ᠠ᠂ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠠᠵᠢᠯᠯᠠᠭ᠎ᠠ᠃   ᠲᠣᠰ ᠰᠠᠨᠠᠯ ᠳᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠠᠩᠬ᠎ᠠ ᠤᠳᠠᠭ᠎ᠠ ᠲᠣᠳᠣᠷᠬᠠᠢ ᠲᠣᠭᠲᠠᠭᠠᠵᠤ᠂ ᠡᠯ᠎ᠡ ᠭᠠᠵᠠᠷ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ 2024 ᠣᠨ ᠳᠤ 600 ᠲᠥᠭᠦᠷᠢᠭ / ᠵᠢᠯ · ᠬᠥᠮᠥᠨ ᠳᠤ ᠬᠦᠷᠭᠡᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃   ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠴᠢᠨᠠᠷ ᠰᠠᠶᠢᠲᠠᠢ ᠰᠤᠷᠭᠠᠭᠤᠯᠢ ᠶᠢᠨ ᠳᠠᠯᠳᠠ ᠬᠦᠴᠦᠨ ᠢ ᠠᠭᠤᠳᠠᠯᠤᠨ ᠪᠠᠭᠲᠠᠭᠠᠮᠵᠢ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠰᠢᠨ᠎ᠡ ᠴᠢᠨᠠᠷ ᠰᠠᠶᠢᠲᠠᠢ ᠰᠤᠷᠭᠠᠭᠤᠯᠢ ᠶᠢᠨ ᠪᠤᠶᠢᠵᠢᠯᠲᠠ ᠶᠢ ᠠᠬᠢᠭᠤᠯᠤᠨ᠂ ᠪᠠᠷᠢᠮᠵᠢᠶᠠᠵᠢᠭᠰᠠᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃   ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠠᠨ ᠶᠠᠩᠵᠤᠴᠢᠯᠠᠭᠰᠠᠨ ᠬᠥᠭᠵᠢᠯᠲᠡ ᠭᠦᠢᠴᠡᠳ ᠪᠤᠰᠤ᠂ ᠬᠡᠰᠡᠭ ᠰᠢᠶᠠᠨ ᠤ ᠬᠢᠷᠢ ᠲᠦᠪᠰᠢᠨ ᠥᠨᠳᠥᠷ ᠪᠢᠰᠢ ᠵᠡᠷᠭᠡ ᠠᠰᠠᠭᠤᠳᠠᠯ ᠳᠤ ᠴᠢᠭᠯᠡᠭᠦᠯᠦᠨ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ︽ᠨᠢᠭᠡ ᠪᠦᠯᠦᠭ ᠢ ᠰᠢᠨ᠎ᠡ ᠪᠠᠷ ᠪᠠᠶᠢᠭᠤᠯᠵᠤ︾᠂ ᠰᠤᠷᠭᠠᠭᠤᠯᠢ ᠡᠷᠬᠢᠯᠡᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ︽ᠨᠢᠭᠡ ᠪᠦᠯᠦᠭ ᠢ ᠬᠠᠪᠰᠤᠷᠤᠨ ᠲᠡᠳᠬᠦᠵᠦ︾᠂ ᠤᠯᠠᠨ ᠶᠠᠩᠵᠤᠴᠢᠯᠠᠭᠰᠠᠨ ᠬᠥᠭᠵᠢᠯᠲᠡ ᠶᠢᠨ ᠲᠠᠯ᠎ᠠ ᠪᠠᠷ ︽ᠨᠢᠭᠡ ᠪᠦᠯᠦᠭ ᠢ ᠳᠡᠭᠡᠭᠰᠢᠯᠡᠭᠦᠯᠵᠦ︾᠂ ᠰᠤᠷᠤᠭᠴᠢ ᠡᠯᠰᠡᠬᠦ ᠲᠥᠯᠥᠪᠯᠡᠭᠡ ᠶᠢᠨ ︽ᠨᠢᠭᠡ ᠪᠦᠯᠦᠭ ᠢ ᠥᠷᠭᠡᠳᠬᠡᠬᠦ︾ ᠶᠢ ᠡᠮᠬᠢ ᠵᠢᠷᠤᠮ ᠲᠠᠢ ᠪᠠᠷ ᠶᠠᠪᠤᠭᠳᠠᠭᠤᠯᠤᠨ᠎ᠠ᠃   ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ   ᠬᠤᠶᠠᠷ ᠬᠤᠪᠢ ᠰᠠᠨᠠᠯ ᠢ ᠬᠡᠷᠬᠢᠨ ᠨᠡᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠢ︖ ᠲᠢᠶᠠᠨ ᠽᠦ ᠶᠢᠨ ᠢᠯᠡᠷᠬᠡᠶᠢᠯᠡᠬᠦ ᠳᠡᠭᠡᠨ᠂ ᠣᠷᠣᠨ ᠨᠤᠲᠤᠭ ᠤᠨ ᠬᠢᠨ ᠢ ᠵᠢᠯᠤᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠪᠣᠯᠭᠠᠨ᠎ᠠ᠃ ᠭᠤᠣᠯᠳᠠᠯᠭ᠎ᠠ ᠲᠠᠢ ᠡᠭᠦᠷᠭᠡ ᠪᠣᠯᠣᠨ ᠵᠠᠩᠭᠢᠯᠠᠭ᠎ᠠ ᠶᠢᠨ ᠭᠦᠢᠴᠡᠳᠬᠡᠬᠦ ᠲᠤᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠶᠢ ᠰᠤᠷᠬᠤ ᠨᠠᠰᠤᠨ ᠤ ᠬᠥᠮᠥᠨ ᠠᠮᠠ ᠶᠢᠨ ᠬᠤᠪᠢᠷᠠᠯᠲᠠ ᠶᠢᠨ ᠵᠢᠱᠢᠯᠲᠡ ᠶᠢᠨ ᠪᠠᠷᠠᠭᠠᠯᠬᠢᠯᠠᠯ ᠤᠨ ᠴᠢᠨᠠᠷᠲᠠᠢ ᠰᠤᠳᠤᠯᠭᠠᠨ ᠵᠢᠴᠢ ᠬᠤᠲᠠ ᠬᠥᠳᠡᠭᠡ ᠶᠢᠨ ᠰᠤᠷᠭᠠᠭᠤᠯᠢ ᠶᠢᠨ ᠪᠠᠶᠢᠷᠢᠰᠢᠯ ᠤᠨ ᠵᠤᠬᠢᠷᠠᠮᠵᠢᠳᠤ ᠴᠢᠨᠠᠷ ᠤᠨ ᠰᠤᠳᠤᠯᠭᠠᠨ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠯᠢᠳᠡᠭ ᠡᠬᠢ ᠪᠠᠶᠠᠯᠢᠭ ᠢ ᠨᠠᠩ ᠥᠷᠭᠡᠨ ᠢᠶᠠᠷ ᠬᠠᠮᠲᠤ ᠪᠠᠷ ᠬᠤᠪᠢᠶᠠᠯᠴᠠᠨ᠎ᠠ᠃   ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠠᠴᠠ ᠣᠷᠣᠨ ᠨᠤᠲᠤᠭ ᠤᠨ ᠬᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ ᠪᠠᠷ ᠠᠭᠤᠳᠠᠯᠤᠨ ᠳᠡᠯᠭᠡᠷᠡᠭᠦᠯᠦᠨ᠎ᠡ᠃   ᠡᠳ᠋ ᠤᠨ ᠵᠠᠰᠠᠭ ᠤᠨ ᠣᠷᠣᠭᠤᠯᠤᠯᠲᠠ ᠶᠢᠨ ᠲᠠᠯ᠎ᠠ ᠪᠠᠷ᠂ ᠰᠤᠷᠭᠠᠨ ᠬᠥᠮᠦᠵᠢᠯ ᠤᠨ ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠳᠡᠳ᠋ ᠳᠠᠷᠤᠭ᠎ᠠ ᠯᠢᠦ ᠵᠢᠩ ᠲᠠᠨᠢᠯᠴᠠᠭᠤᠯᠬᠤ ᠳᠠᠭᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠯ᠎ᠠ ᠪᠠᠷ᠂ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠳᠡᠮᠵᠢᠬᠦ ᠪᠠᠷ ᠭᠤᠣᠯᠳᠠᠯᠭ᠎ᠠ ᠪᠣᠯᠭᠠᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ ᠳᠤ ᠳᠤᠮᠳᠠᠴᠢ ᠪᠠᠷ ᠵᠣᠭᠤᠰ ᠪᠠᠭᠤᠯᠭᠠᠨ ᠥᠭᠬᠦ ᠳᠦᠷᠢᠮ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠤᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠠᠯ᠎ᠠ ᠪᠠᠷ᠂ ᠡᠯ᠎ᠡ ᠭᠠᠵᠠᠷ ᠤᠨ ᠬᠢᠨ ᠤ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠪᠠ ᠤᠯᠠᠨ ᠶᠠᠩᠵᠤᠴᠢᠯᠠᠭᠰᠠᠨ ᠬᠥᠭᠵᠢᠯᠲᠡ ᠶᠢ ᠦᠷᠭᠦᠯᠵᠢᠯᠡᠨ ᠲᠡᠮᠵᠢᠵᠤ᠂ ᠰᠢᠶᠠᠨ ᠤ ᠳᠣᠲᠣᠷᠠᠬᠢ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠣᠨᠴᠣᠭᠤᠢ ᠰᠤᠷᠭᠠᠨ ᠬᠥᠮᠦᠵᠢᠯ ᠤᠨ ᠲᠠᠯ᠎ᠠ ᠪᠠᠷ᠂ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠨᠴᠣᠭᠤᠢ ᠬᠡᠦᠬᠡᠳ ᠲᠤ ᠣᠨᠴᠣᠭᠤᠢ ᠬᠠᠶᠢᠷ᠎ᠠ ᠬᠠᠯᠠᠮᠵᠢ ᠬᠦᠷᠲᠡᠭᠡᠨ᠎ᠡ᠃   ᠡᠨᠡ ᠵᠢᠯ ᠤᠨ 5 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠠᠴᠠ ︽ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭᠠᠨ ᠤ ᠲᠥᠰᠥᠯ︾ ᠢ ᠳᠠᠷᠤᠮᠠᠯᠯᠠᠨ ᠳᠠᠷᠬᠠᠭᠠᠪᠠ᠃   ︽ᠰᠤᠷᠭᠠᠨ ᠬᠥᠮᠦᠵᠢᠯ ᠤᠨ ᠶᠠᠮᠤᠨ ᠨᠢ ᠬᠢᠴᠢᠶᠡᠯ᠂ ᠵᠢᠭᠠᠨ ᠰᠤᠷᠭᠠᠯᠲᠠ᠂ ᠦᠨᠡᠯᠡᠯᠲᠡ᠂ ᠲᠤᠯᠭᠠᠭᠤᠷᠢᠯᠠᠯ ᠵᠢᠴᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠴᠢᠩᠭᠠᠳᠬᠠᠬᠤ ᠵᠡᠷᠭᠡ ᠲᠠᠯ᠎ᠠ ᠠᠴᠠ ᠭᠤᠣᠯᠳᠠᠯᠭ᠎ᠠ ᠲᠠᠢ ᠭᠠᠷᠳᠠᠵᠤ᠂ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠵᠦ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶᠠᠨ ᠤ ᠳᠡᠳ᠋ ᠳᠠᠷᠤᠭ᠎ᠠ ᠴᠧᠨ ᠶᠦᠨ ᠯᠦᠩ ᠬᠡᠯᠡᠪᠡ᠃                                                                     ᠤᠷᠴᠢᠭᠤᠯᠤᠭᠴᠢ᠄ ᠢᠷᠭᠤᠢ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2