ᠬᠤᠲᠠ ᠶᠢᠨ ᠤᠳᠤᠷᠢᠳᠤᠯᠭ᠎ᠠ ᠳᠠᠭ᠎ᠠ ᠶᠢᠨ ᠨᠠᠭᠤᠷ ᠤᠨ ᠵᠠᠰᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/9
   8 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠢᠨᠵᠧᠨᠧᠷᠢᠩ ᠤᠨ ᠤᠰᠤ ᠭᠠᠷᠬᠤ ᠠᠮᠠᠰᠠᠷ ᠪᠠ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠤᠨ ᠵᠢᠭᠠᠰᠤᠨ ᠤ ᠲᠥᠷᠥᠯ ᠤᠨ ᠣᠷᠣᠰᠢᠨ ᠲᠣᠭᠲᠠᠨᠢᠬᠤ ᠲᠤᠷᠰᠢᠯᠲᠠ ᠶᠢᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠵᠤ᠂ ᠲᠤᠷᠰᠢᠯᠲᠠ ᠶᠢᠨ ᠰᠠᠭᠤᠷᠢᠨ ᠭᠠᠵᠠᠷ ᠤᠨ ᠠᠵᠢᠯᠯᠠᠭᠠᠨ ᠪᠠ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠣᠶᠢᠯᠠᠭᠠᠨ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠢᠦᠢ ᠬᠠᠢ ᠴᠧᠩ᠂ ᠯᠢᠶᠠᠩᠴᠧᠩ ᠰᠢᠶᠠᠨ ᠤ ᠬᠢᠨ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠦᠷᠢᠯᠡᠬᠦ ᠢᠨᠵᠧᠨᠧᠷᠢᠩ ᠤᠨ ᠵᠣᠬᠢᠴᠠᠭᠤᠯᠬᠤ ᠠᠵᠢᠯ ᠢ ᠴᠢᠩᠭᠠᠳᠬᠠᠵᠤ᠂ ᠲᠤᠰᠬᠠᠢ ᠬᠥᠮᠥᠨ ᠲᠣᠬᠢᠷᠠᠭᠤᠯᠤᠨ ᠤᠰᠤ ᠣᠷᠣᠭᠤᠯᠬᠤ ᠠᠮᠠᠰᠠᠷ ᠲᠤ ᠣᠴᠢᠭᠤᠯᠵᠤ ᠵᠣᠬᠢᠴᠠᠭᠤᠯᠵᠤ᠂ ᠤᠰᠤ ᠨᠥᠬᠦᠪᠦᠷᠢᠯᠡᠬᠦ ᠨᠥᠬᠦᠴᠡᠯ ᠳᠤ ᠬᠦᠷᠦᠭᠰᠡᠨ ᠤ ᠳᠠᠷᠠᠭ᠎ᠠ᠂ ᠬᠠᠮᠤᠭ ᠤᠨ ᠲᠦᠷᠦᠭᠦᠨ ᠳᠤ ᠬᠥᠭᠡᠷᠭᠡ ᠶᠢᠨ ᠦᠷᠳᠡᠭᠡ ᠳᠤ ᠤᠰᠤ ᠬᠠᠩᠭᠠᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠪᠣᠯᠣᠨ ᠯᠢᠶᠡᠩᠴᠧᠩ ᠰᠢᠶᠠᠨ ᠤ ᠬᠢᠨ ᠵᠢᠭᠠᠰᠤᠨ ᠤ ᠲᠥᠷᠥᠯ ᠤᠨ ᠲᠡᠵᠢᠭᠡᠨ ᠠᠷᠠᠴᠢᠯᠠᠬᠤ ᠲᠤᠷᠰᠢᠯᠲᠠ ᠶᠢ ᠰᠠᠶᠢᠲᠤᠷ ᠬᠢᠵᠦ᠂ ᠭᠤᠭᠴᠤᠭ᠎ᠠ ᠨᠢᠭᠡᠪᠦᠷᠢ ᠶᠢᠨ ᠲᠡᠮᠳᠡᠭᠯᠡᠯ ᠪᠠ ᠰᠤᠳᠤᠯᠤᠨ ᠮᠠᠭᠠᠳᠯᠠᠯᠲᠠ ᠶᠢ ᠪᠠᠷᠢᠮᠵᠢᠶᠠᠵᠢᠭᠤᠯᠤᠨ ᠰᠠᠶᠢᠲᠤᠷ ᠬᠢᠵᠦ᠂ ᠠᠵᠢᠯ ᠤᠨ ᠦᠷ᠎ᠡ ᠪᠦᠲᠦᠭᠡᠯ ᠢᠶᠠᠨ ᠬᠠᠮᠤᠭ ᠤᠨ ᠲᠡᠷᠢᠭᠦᠨ ᠳᠤ ᠮᠡᠳᠡᠭᠦᠯᠵᠦ᠂ ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠯᠢᠶᠡᠩᠴᠧᠩ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠠ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2