ᠤᠯᠠᠭᠠᠨᠴᠠᠪ ᠬᠤᠲᠠ ᠶᠢᠨ ᠨᠢᠭᠡᠳᠦᠮᠡᠯ ᠹᠷᠣᠨᠲ ᠤᠨ ᠠᠷᠪᠠᠨ ᠭᠤᠷᠪᠠᠳᠤᠭᠠᠷ ᠬᠤᠭᠤᠴᠠᠭᠠᠨ ᠤ ︽ᠰᠡᠳᠬᠢᠯ ᠢᠶᠠᠨ ᠨᠢᠭᠡᠳᠬᠡᠨ ᠰᠤᠷᠤᠯᠴᠠᠵᠤ · ᠶᠣᠰᠣ ᠰᠤᠷᠲᠠᠬᠤᠨ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠬᠤᠣᠰ ᠰᠠᠷ᠎ᠠ ᠶᠢᠨ ᠨᠣᠮ ᠤᠩᠰᠢᠬᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/9/1
    8 ᠰᠠᠷ᠎ᠠ ᠶᠢᠨ 30 ᠤ ᠡᠳᠦᠷ᠂ ᠤᠯᠠᠭᠠᠨᠴᠠᠪ ᠬᠤᠲᠠ ᠶᠢᠨ ᠨᠢᠭᠡᠳᠦᠮᠡᠯ ᠹᠷᠣᠨᠲ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠤᠯᠢ ᠪᠠᠷ ᠵᠠᠰᠠᠬᠤ ᠪᠠᠷ ᠬᠠᠮᠠᠭᠠᠯᠠᠨ᠎ᠠ︾ ︱ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠰᠤᠷᠤᠯᠴᠠᠨ ᠨᠠᠶᠢᠳᠠᠪᠤᠷᠢᠵᠢᠭᠤᠯᠬᠤ ᠠᠷᠪᠠᠨ ᠭᠤᠷᠪᠠᠳᠤᠭᠠᠷ ᠬᠤᠭᠤᠴᠠᠭᠠᠨ ᠤ ︽ᠰᠡᠳᠬᠢᠯ ᠢᠶᠠᠨ ᠨᠢᠭᠡᠳᠬᠡᠨ ᠰᠤᠷᠤᠯᠴᠠᠵᠤ · ᠶᠣᠰᠣ ᠰᠤᠷᠲᠠᠬᠤᠨ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠬᠤᠣᠰ ᠰᠠᠷ᠎ᠠ ᠶᠢᠨ ᠨᠣᠮ ᠤᠩᠰᠢᠬᠤ ᠬᠤᠷᠠᠯ ᠶᠠᠪᠤᠭᠳᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ᠂ ᠬᠤᠲᠠ   ᠶᠢᠨ ᠠᠷᠠᠳ ᠤᠨ ᠳᠤᠮᠳᠠ ᠵᠡᠷᠭᠡ   ᠶᠢᠨ ᠰᠢᠭᠦᠬᠦ ᠬᠤᠷᠢᠶᠠᠨ ᠤ ᠳᠠᠷᠤᠭ᠎ᠠ ᠯᠦ ᠭᠦᠸᠧ ᠸᠧᠨ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠶᠢᠨ ᠳᠤᠮᠳᠠ᠂ ᠯᠦ ᠭᠦᠸᠧ ᠸᠧᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠬᠡᠷᠬᠢᠨ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠡᠷᠬᠢᠨ ᠬᠠᠤᠯᠢ ᠶᠣᠰᠣᠭᠠᠷ ᠬᠠᠮᠠᠭᠠᠯᠠᠬᠤ ᠲᠤᠬᠠᠢ ᠲᠣᠳᠣᠷᠬᠠᠶᠢᠯᠠᠨ ᠥᠭᠦᠯᠡᠪᠡ︔ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ  ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠢᠦ ᠫᠢᠩ ︽ᠰᠠᠨᠠᠯ︾ ᠢ ᠲᠠᠶᠢᠯᠪᠤᠷᠢᠯᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ 5 ᠬᠥᠮᠥᠰ ᠤᠨ ᠲᠥᠯᠥᠭᠡᠯᠡᠭᠴᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠵᠢᠴᠢ ︽ᠰᠠᠨᠠᠯ︾ ᠢ ᠰᠤᠷᠤᠯᠴᠠᠭᠰᠠᠨ ᠣᠯᠣᠯᠲᠠ ᠲᠥᠷᠥᠭᠳᠡᠯ ᠤᠨ ᠲᠣᠭᠤᠷᠢᠨ ᠳᠤ ᠭᠤᠣᠯ ᠰᠡᠳᠦᠪᠲᠦ ᠶᠠᠷᠢᠶ᠎ᠠ ᠲᠠᠯᠪᠢᠪᠠ᠃     ᠬᠤᠷᠠᠯ ᠤᠨ ᠳᠠᠷᠠᠭ᠎ᠠ ᠣᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠰᠠᠨᠠᠯ︾ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠣᠨᠣᠪᠴᠢᠲᠠᠢ ᠡᠵᠡᠮᠰᠢᠵᠦ᠂ ︽ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠴᠢᠨᠠᠭᠰᠢᠳᠠ ᠬᠥᠪᠴᠢᠯᠡᠵᠦ᠂ ︽ᠬᠤᠶᠠᠷ ᠡᠷᠡᠭᠦᠯ ᠮᠡᠨᠳᠤ︾ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2