| 8 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ︽ᠱᠠᠯᠢᠭ ᠵᠠᠪᠬᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠤᠨ ᠬᠠᠮᠲᠤᠷᠠᠭᠰᠠᠨ | ᠲᠣᠭᠤᠷᠢᠭ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠢᠤᠸᠠᠨ ᠱᠠᠨ | ᠵᠠᠮ ᠤᠨ ᠪᠠᠭ᠎ᠠ ᠰᠤᠷᠭᠠᠭᠤᠯᠢ ᠳᠤ ︽ᠴᠢᠬᠢ ᠬᠠᠮᠠᠭᠠᠯᠠᠬᠤ ᠰᠢᠷᠢᠰ ᠠᠵᠢᠯᠯᠠᠭ᠎ᠠ ︱ ᠰᠤᠷᠤᠯᠭ᠎ᠠ ᠡᠬᠢᠯᠡᠬᠦ ᠠᠩᠬᠠᠨ ᠤ | ᠬᠢᠴᠢᠶᠡᠯ ᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ︾ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠨ᠂ ᠰᠤᠷᠤᠭᠴᠢᠳ ᠤᠨ ᠬᠠᠤᠯᠢᠵᠢᠯ ᠤᠨ | ᠤᠬᠠᠮᠰᠠᠷ ᠢ ᠴᠢᠩᠭᠠᠳᠬᠠᠵᠤ᠂ ᠰᠤᠷᠤᠭᠴᠢᠳ ᠤᠨ ᠮᠡᠬᠡᠯᠡᠯ ᠢ ᠲᠠᠨᠢᠬᠤ᠂ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠪᠡ᠃ | ︽ᠰᠤᠷᠤᠭᠴᠢᠳ ᠡ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠭᠡᠭᠴᠢ ᠶᠠᠭᠤ ᠪᠣᠯᠬᠤ ᠶᠢ ᠲᠠ ᠨᠠᠷ | ᠮᠡᠳᠡᠨ᠎ᠡ ᠤᠤ︖︾ ︽ᠲᠠ ᠨᠠᠷ ᠪᠤᠶᠤ ᠲᠠᠨ ᠤ ᠭᠡᠷ ᠤᠨ ᠬᠥᠮᠥᠰ ᠮᠡᠬᠡᠯᠡᠯ ᠤᠨ ᠤᠲᠠᠰᠤ ᠶᠢ ᠳᠤᠰᠤᠭᠰᠠᠨ ᠪᠤᠶᠤ | ᠮᠡᠬᠡᠯᠡᠯ ᠤᠨ ᠣᠬᠤᠷ ᠮᠡᠳᠡᠭᠡ ᠶᠢ ᠳᠤᠰᠤᠭᠰᠠᠨ ᠤᠤ︖︾ ᠁ ᠬᠢᠴᠢᠶᠡᠯ ᠤᠨ ᠲᠠᠩᠬᠢᠮ ᠳᠤ᠂ ᠪᠠᠶᠢᠴᠠᠭᠠᠬᠤ | ᠬᠤᠷᠢᠶᠠᠨ ᠤ ᠠᠵᠢᠯᠲᠠᠳ ︽ᠡᠷᠡᠭᠦᠯ ᠴᠢᠭᠢᠷᠠᠭ ᠢᠶᠠᠷ ᠦᠰᠦᠨ ᠪᠣᠶᠢᠵᠢᠬᠤ ᠶᠢ ᠬᠠᠮᠠᠭᠠᠯᠠᠵᠤ ᠬᠤᠣᠷᠲᠠᠢ ᠠᠭᠤᠯᠭ᠎ᠠ ᠶᠢ | ᠲᠡᠪᠴᠢᠬᠦ︾᠂ ︽ᠬᠠᠤᠯᠢᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠠᠴᠠ ᠬᠤᠯᠠ ᠵᠠᠶᠢᠳᠠᠭᠤᠯᠬᠤ︾ ᠪᠠᠷ ᠭᠤᠣᠯ ᠰᠡᠳᠦᠪ ᠪᠣᠯᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠤᠨ ᠣᠨᠴᠠᠯᠢᠭ ᠤᠨ ᠲᠣᠭᠤᠷᠢᠨ ᠳᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠲᠤ | ᠴᠠᠬᠢᠯᠭᠠᠨ ᠬᠤᠯᠪᠣᠭᠠᠨ ᠤ ᠮᠡᠬᠡᠯᠡᠯ ᠤᠨ ᠢᠯᠡᠷᠡᠬᠦ ᠬᠡᠯᠪᠡᠷᠢ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠵᠢᠴᠢ ᠬᠤᠣᠷ | ᠬᠥᠨᠥᠭᠡᠯ ᠢ ᠭᠦᠨᠵᠡᠭᠡᠢ ᠵᠠᠳᠠᠯᠤᠨ ᠰᠢᠨᠵᠢᠯᠡᠵᠦ ᠥᠭᠴᠡᠢ᠃ ᠡᠭᠦᠨ ᠤ ᠬᠠᠮᠲᠤ᠂ ᠠᠵᠢᠯᠲᠠᠳ ᠰᠢᠨ᠎ᠡ ᠰᠣᠷᠭᠤᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠮᠡᠬᠡᠯᠡᠯ ᠤᠨ ᠬᠤᠣᠷ | ᠬᠥᠨᠥᠭᠡᠯ ᠢ ᠲᠣᠳᠣᠷᠬᠠᠢ ᠲᠠᠨᠢᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠪᠣᠶ ᠪᠣᠯᠭᠠᠬᠤ ᠶᠢ ᠣᠯᠠᠨ ᠳᠤ | ᠰᠡᠷᠡᠮᠵᠢᠯᠡᠭᠦᠯᠵᠡᠢ᠃ ᠡᠭᠦᠨ ᠠᠴᠠ ᠭᠠᠳᠠᠨ᠎ᠠ᠂ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠤᠨ ᠠᠵᠢᠯᠲᠠᠨ ᠰᠤᠷᠤᠭᠴᠢᠳ ᠲᠤ ︽ᠪᠤᠬᠢᠷᠳᠤᠯ ᠦᠬᠡᠢ | ᠨᠣᠮ ᠤᠨ ᠱᠣᠰᠢᠭ᠎ᠠ︾ ᠲᠠᠷᠬᠠᠭᠠᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠣᠷ ᠬᠥᠨᠥᠭᠡᠯ ᠲᠠᠢ | ᠬᠡᠪᠯᠡᠭᠳᠡᠬᠦᠨ ᠪᠠ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠨᠣᠮ ᠤᠩᠰᠢᠬᠤ | ᠳᠠᠳᠬᠠᠯ ᠲᠠᠢ ᠪᠣᠯᠭᠠᠵᠤ᠂ ︽ᠨᠣᠮ ᠤᠩᠰᠢᠬᠤ ᠳᠤᠷᠠᠲᠠᠢ︾ ᠪᠣᠯᠭᠠᠬᠤ ᠬᠡᠷᠡᠭᠲᠡᠢ ᠭᠡᠵᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |