| | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ | ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠹᠧᠩᠵᠧᠨ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ | ᠲᠦᠮᠡᠨ ᠤ ︽ᠪᠠᠴᠢᠮᠳᠠᠵᠤ ᠬᠦᠴᠢᠷᠳᠡᠵᠤ ᠵᠤᠪᠠᠨᠢᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ︽ᠭᠤᠷᠪᠠ ᠶᠢ ᠪᠠᠲᠤᠯᠠᠬᠤ︾ ᠪᠡᠯᠡ ᠮᠥᠩᠭᠦ ᠶᠢᠨ ᠬᠡᠷᠡᠭᠴᠡᠭᠡ ᠶᠢ ᠡᠷᠡᠰ ᠪᠠᠲᠤᠯᠠᠵᠤ᠂ ᠡᠳ᠋ ᠤᠨ ᠵᠠᠰᠠᠭ ᠤᠨ | ᠠᠵᠢᠯ ᠳᠤ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠨᠡᠩ ᠰᠠᠶᠢᠨ ᠬᠠᠷᠠᠭᠤᠯᠪᠠ᠃ | 2023 ᠣᠨ ᠳᠤ᠂ ᠹᠧᠩᠵᠧᠨ ᠬᠤᠲᠠ ᠶᠢᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ | 20.59 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠪᠠ᠂ ᠡᠭᠦᠨ ᠳᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢ | 17.61 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠪᠦᠬᠦ ᠵᠠᠷᠤᠯᠭ᠎ᠠ ᠶᠢᠨ 85.5% ᠶᠢ ᠡᠵᠡᠯᠡᠭᠦᠯᠵᠡᠢ ︵ | ᠡᠭᠦᠨ ᠳᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠳᠤ 3.87 ᠳ᠋ᠦᠩᠰᠢᠭᠤᠷ ᠲᠥᠭᠦᠷᠢᠭ᠂ ᠴᠠᠯᠢᠩ ᠢ | ᠪᠠᠲᠤᠯᠠᠬᠤ ᠳᠤ 12.42 ᠳ᠋ᠦᠩᠰᠢᠭᠤᠷ ᠲᠥᠭᠦᠷᠢᠭ᠂ ᠡᠷᠬᠢᠯᠳᠡ ᠶᠢ ᠪᠠᠲᠤᠯᠠᠬᠤ ᠳᠤ 1.32 ᠳ᠋ᠦᠩᠰᠢᠭᠤᠷ | ᠲᠥᠭᠦᠷᠢᠭ︶᠃ 9 ᠰᠠᠷ᠎ᠠ ᠶᠢᠨ ᠰᠡᠭᠦᠯᠴᠢ ᠪᠣᠯᠲᠠᠯ᠎ᠠ᠂ ᠹᠧᠩᠵᠧᠨ ᠬᠤᠲᠠ ᠶᠢᠨ ︽ᠭᠤᠷᠪᠠ ᠶᠢ ᠪᠠᠲᠤᠯᠠᠬᠤ︾ ᠶᠢᠨ | ᠵᠠᠷᠤᠯᠭ᠎ᠠ 15.15 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ 72.77% ᠶᠢ ᠡᠵᠡᠯᠡᠪᠡ᠂ ᠡᠭᠦᠨ ᠳᠤ ᠠᠷᠠᠳ ᠤᠨ ᠦᠨᠳᠦᠰᠦᠨ ᠠᠮᠢᠳᠤᠷᠠᠯ ᠤᠨ ᠵᠠᠷᠤᠯᠭ᠎ᠠ 6.74 | ᠳ᠋ᠦᠩᠰᠢᠭᠤᠷ ᠲᠥᠭᠦᠷᠢᠭ᠂ ᠴᠠᠯᠢᠩ ᠤᠨ ᠵᠠᠷᠤᠯᠭ᠎ᠠ 7.69 ᠳ᠋ᠦᠩᠰᠢᠭᠤᠷ ᠲᠥᠭᠦᠷᠢᠭ᠂ ᠪᠠᠶᠢᠭᠤᠯᠭ᠎ᠠ ᠶᠢᠨ | ᠠᠵᠢᠯᠯᠠᠭᠠᠨ ᠤ ᠵᠠᠷᠤᠯᠭ᠎ᠠ 0.72 ᠳ᠋ᠦᠩᠰᠢᠭᠤᠷ ᠲᠥᠭᠦᠷᠢᠭ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠥᠮᠥᠷᠭᠡ ᠶᠢᠨ ᠵᠣᠭᠤᠰ ᠢ ᠲᠣᠬᠢᠷᠠᠭᠤᠯᠬᠤ ᠲᠠᠯ᠎ᠠ ᠪᠠᠷ ᠬᠢ ︽ᠭᠤᠷᠪᠠ ᠶᠢ | ᠪᠠᠲᠤᠯᠠᠬᠤ︾ ᠶᠢᠨ ᠵᠠᠷᠤᠯᠭ᠎ᠠ ᠶᠢᠨ ᠤᠷᠢᠳ ᠢᠶᠠᠷ ᠬᠢᠬᠦ ᠲᠠᠰ ᠳᠠᠷᠠᠭᠠᠯᠠᠯ ᠢ ᠦᠷᠭᠦᠯᠵᠢᠯᠡᠨ ᠪᠠᠷᠢᠮᠲᠠᠯᠠᠵᠤ᠂ ︽ | ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠶᠢᠨ ᠬᠤᠷᠢᠭ᠎ᠠ ᠱᠤᠭᠤᠮ ᠢ ᠪᠠᠲᠤᠲᠠᠢ ᠪᠠᠲᠤᠯᠠᠬᠤ ᠶᠢ ᠡᠳ᠋ ᠤᠨ ᠵᠠᠰᠠᠭ ᠤᠨ | ᠪᠡᠯᠡ ᠮᠥᠩᠭᠦ ᠶᠢ ᠲᠣᠬᠢᠷᠠᠭᠤᠯᠬᠤ ᠦᠨᠳᠦᠰᠦᠨ ᠵᠠᠷᠴᠢᠮ ᠪᠣᠯᠭᠠᠵᠤ᠂ ᠤᠯᠤᠰ ᠠᠴᠠ ᠲᠣᠭᠲᠠᠭᠠᠭᠰᠠᠨ ᠴᠠᠯᠢᠩ ᠤᠨ | ᠲᠥᠷᠥ ᠶᠢᠨ ᠪᠣᠳᠣᠯᠭ᠎ᠠ᠂ ᠦᠨᠳᠦᠰᠦᠨ ᠠᠷᠠᠳ ᠤᠨ ᠠᠮᠢᠳᠤᠷᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |