2023 ᠣᠨ ᠤ ᠭᠤᠷᠪᠠᠳᠤᠭᠠᠷ ᠤᠯᠠᠷᠢᠯ ᠤᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/9/11
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄   ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ 2023 ᠣᠨ ᠤ ᠭᠤᠷᠪᠠᠳᠤᠭᠠᠷ ᠤᠯᠠᠷᠢᠯ ᠤᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠪᠠᠶᠢᠴᠠᠭᠠᠯᠲᠠ ᠬᠢᠵᠦ᠂ ᠡᠳᠦᠭᠡ ᠪᠣᠳᠠᠲᠠᠢ ᠪᠠᠶᠢᠳᠠᠯ ᠢ ᠳᠣᠣᠷᠠᠬᠢ ᠮᠡᠲᠦ ᠮᠡᠳᠡᠭᠳᠡᠪᠡ᠄ᠨᠢᠭᠡ᠂ ᠶᠡᠷᠦᠩᠬᠡᠢ ᠪᠠᠶᠢᠳᠠᠯ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠪᠠᠶᠢᠴᠠᠭᠠᠭᠰᠠᠨ ᠪᠠᠶᠢᠳᠠᠯ   ᠪᠥᠬᠦ ᠬᠤᠲᠠ ᠳᠤ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ 44 ᠪᠠᠶᠢᠵᠤ᠂ ᠡᠭᠦᠨ ᠤ ᠳᠤᠳᠤᠷ᠎ᠠ 12 ᠡᠭᠦᠳᠡ ᠡᠷᠦᠬᠡ ᠶᠢᠨ ᠰᠦᠯᠵᠢᠶᠡᠨ ᠤ ᠥᠷᠲᠡᠭᠡ᠂ 32 ᠰᠠᠯᠠᠭ᠎ᠠ ᠮᠥᠴᠢᠷ ᠤᠨ ᠰᠦᠯᠵᠢᠶᠡᠨ ᠤ ᠥᠷᠲᠡᠭᠡ ᠪᠣᠶ᠃ ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠴᠠᠭᠠᠵᠤ ᠬᠢᠨᠠᠨ ᠰᠢᠯᠭᠠᠬᠤ ᠭᠦᠢᠴᠡᠳᠬᠡᠯ ᠲᠤᠭ᠎ᠠ︾ ᠲᠠᠢ ᠬᠠᠷᠢᠴᠠᠭᠤᠯᠵᠤ ᠦᠵᠡᠪᠡᠯ᠂ ᠪᠠᠶᠢᠴᠠᠭᠠᠭᠰᠠᠨ ᠬᠠᠷᠢᠴᠠᠯ ᠨᠢ 100% ᠪᠣᠯᠣᠨ᠎ᠠ᠃ ᠲᠣᠰ ᠤᠳᠠᠭᠠᠨ ᠤ ᠪᠠᠶᠢᠴᠠᠭᠠᠯᠲᠠ ᠳᠤ ᠣᠯᠠᠩᠬᠢ ᠰᠦᠯᠵᠢᠶᠡᠨ ᠥᠷᠲᠡᠭᠡ ᠶᠢᠨ ᠠᠵᠢᠯᠯᠠᠭᠠᠨ  ᠨᠢ ᠮᠠᠰᠢ ᠰᠠᠶᠢᠨ ᠪᠠᠶᠢᠵᠤ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠯᠢᠶᠡᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ᠂ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ ᠵᠡᠷᠭᠡ 4 ᠰᠦᠯᠵᠢᠶᠡᠨ ᠥᠷᠲᠡᠭᠡ ᠳᠤ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠭᠰᠡᠨ ᠦᠭᠡᠢ ᠪᠠ ᠬᠤᠭᠤᠰᠤᠨ ᠪᠤᠯᠤᠩ ᠤᠨ ᠠᠰᠠᠭᠤᠳᠠᠯ ᠣᠷᠣᠰᠢᠵᠤ ᠪᠠᠶᠢᠨ᠎ᠠ᠃︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠭᠰᠠᠨ ᠪᠠᠶᠢᠳᠠᠯ   ᠪᠥᠬᠦ ᠬᠤᠲᠠ ᠳᠤ ᠣᠳᠣᠬᠠᠨ ᠳᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ 378 ᠪᠣᠶ᠂ ᠡᠭᠦᠨ ᠳᠤ ᠸᠢᠴᠠᠲ ᠤᠨ ᠨᠡᠶᠢᠲᠡ ᠶᠢᠨ ᠳ᠋ᠤᠭᠠᠷ 336᠂ ᠪᠢᠴᠢᠯ ᠪᠯᠤᠭ 20᠂ ᠰᠢᠯᠵᠢᠮᠡᠯ ᠬᠤᠯᠪᠣᠭᠠᠨ ᠤ ᠬᠡᠷᠡᠭᠯᠡᠭᠴᠢ ᠶᠢᠨ ᠦᠵᠦᠭᠦᠷ 1᠂ ᠥᠨᠥᠳᠥᠷ ᠤᠨ ᠲᠦᠷᠦᠭᠦᠸ ᠵᠤᠷᠪᠤᠰ᠂ ᠲᠢᠺ ᠲᠤᠺ᠂  ᠬᠤᠷᠳᠤᠨ ᠭᠠᠷ ᠵᠡᠷᠭᠡ ᠵᠠᠭᠤᠴᠢᠯᠠᠭᠤᠷ ᠤᠨ ᠳ᠋ᠤᠭᠠᠷ 21 ᠪᠣᠶ᠃ 8 ᠰᠠᠷ᠎ᠠ ᠶᠢᠨ 30 ᠤ ᠡᠳᠦᠷ ᠪᠣᠯᠲᠠᠯ᠎ᠠ 7 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠲᠤ ︽ᠬᠤᠭᠤᠴᠠᠭ᠎ᠠ ᠶᠣᠰᠣᠭᠠᠷ ᠰᠢᠨᠡᠳᠬᠡᠭᠰᠡᠨ ᠦᠭᠡᠢ︾ ᠠᠰᠠᠭᠤᠳᠠᠯ ᠣᠷᠣᠰᠢᠵᠤ ᠪᠠᠶᠢᠪᠠ᠃ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ   1. ᠮᠡᠳᠡᠭᠡ ᠵᠠᠩᠭᠢ ᠶᠢ ᠰᠢᠨᠡᠳᠬᠡᠨ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠡᠰᠡᠭ ᠰᠦᠯᠵᠢᠶᠡᠨ ᠤ ᠥᠷᠲᠡᠭᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠲᠡᠭᠦᠯᠳᠡᠷ ᠪᠤᠰᠤ᠂ ᠠᠵᠢᠯᠯᠠᠭᠤᠯᠵᠤ ᠪᠠᠲᠤᠯᠠᠬᠤ ᠡᠷᠴᠢᠮ ᠪᠠᠭᠤᠷᠠᠢ᠂ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠡᠯᠢᠶᠡᠳ ᠠᠨᠠᠢ ᠠᠰᠠᠭᠤᠳᠠᠯ ᠣᠷᠤᠰᠢᠵᠤ ᠪᠠᠶᠢᠨ᠎ᠠ᠃ ᠵᠢᠱᠢᠶᠡᠯᠡᠪᠡᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠤᠨ ᠳᠣᠣᠷᠠᠬᠢ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ᠂ ᠰᠠᠨᠠᠭᠤᠯᠭ᠎ᠠ ᠰᠠᠨᠠᠯ ᠵᠥᠪᠯᠡᠯᠭᠡ᠂ ᠰᠠᠨᠠᠭᠤᠯᠭ᠎ᠠ ᠲᠥᠯᠦᠪᠵᠢᠭᠦᠯᠭᠡ ᠵᠡᠷᠭᠡ ᠪᠤᠯᠤᠩ ᠳᠤ ᠴᠠᠭ ᠲᠤᠬᠠᠢ ᠳᠤᠨᠢ ᠰᠢᠨᠡᠳᠬᠡᠭᠰᠡᠨ ᠦᠭᠡᠢ ᠪᠠ ᠬᠤᠭᠤᠰᠤᠨ ᠪᠤᠯᠤᠩ ᠤᠨ ᠠᠰᠠᠭᠤᠳᠠᠯ ᠣᠷᠣᠰᠢᠵᠤ ᠪᠠᠶᠢᠨ᠎ᠠ᠃ ᠬᠥᠳᠡᠯᠦᠩᠭᠦᠢ ᠴᠢᠬᠤᠯᠠ ᠮᠡᠳᠡᠭᠡ᠂ ᠲᠣᠶᠢᠮᠣ ᠪᠠᠶᠢᠳᠠᠯ ᠤᠨ ᠮᠡᠳᠡᠭᠡ ᠵᠠᠩᠭᠢ᠂ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ᠂ ᠪᠠᠶᠢᠴᠠᠭᠠᠨ ᠴᠤᠭᠯᠠᠭᠤᠯᠬᠤ ᠵᠡᠷᠭᠡ ᠪᠤᠯᠤᠩ ᠤᠨ ᠮᠡᠳᠡᠭᠡ ᠵᠠᠩᠭᠢ ᠶᠢ ᠨᠡᠶᠢᠲᠡᠯᠡᠬᠦ ᠳᠠᠪᠲᠠᠮᠵᠢ ᠨᠢ ᠳᠤᠤᠷ᠎ᠠ᠂ ᠴᠠᠭ ᠲᠤᠬᠠᠢ ᠳᠤᠨᠢ ᠰᠢᠨᠡᠳᠬᠡᠭᠰᠡᠨ ᠦᠭᠡᠢ ᠠᠰᠠᠭᠤᠳᠠᠯ ᠤᠷᠤᠰᠢᠵᠤ ᠪᠤᠢ᠃ ᠣᠨᠴᠠ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠤᠯᠪᠤᠭᠳᠠᠯ ᠨᠢ ᠬᠦᠢᠴᠡᠳ ᠪᠤᠰᠤ ᠪᠠᠶᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠡᠬᠡ ᠪᠢᠴᠢᠭ ᠲᠤ ᠲᠥᠷᠥ ᠶᠢᠨ ᠪᠣᠳᠣᠯᠭ᠎ᠠ ᠶᠢᠨ ᠤᠭ ᠵᠣᠬᠢᠶᠠᠯ ᠲᠠᠢ ᠬᠤᠯᠪᠣᠭ᠎ᠠ ᠬᠠᠷᠢᠴᠠᠭ᠎ᠠ ᠡᠬᠦᠰᠴᠦ ᠦᠭᠡᠢ ᠪᠠᠶᠢᠳᠠᠯ ᠣᠷᠣᠰᠢᠵᠤ ᠪᠠᠶᠢᠨ᠎ᠠ᠃   2.ᠰᠦᠯᠵᠢᠶᠡᠨ ᠤ ᠥᠷᠲᠡᠭᠡ ᠶᠢᠨ ᠴᠢᠳᠠᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠡᠰᠡᠭ ᠵᠠᠰᠠᠭ ᠤᠨ ᠣᠷᠳᠣᠨ ᠤ ᠰᠦᠯᠵᠢᠶᠡᠨ ᠤ ᠴᠢᠳᠠᠮᠵᠢ ᠶᠢᠨ ᠪᠠᠶᠢᠭᠤᠯᠤᠯᠲᠠ ᠨᠢ ᠲᠡᠭᠦᠯᠳᠡᠷ ᠪᠤᠰᠤ᠂ ᠨᠢᠭᠤᠷ ᠤᠨ ᠵᠢᠷᠤᠭ ᠲᠥᠯᠥᠪᠯᠡᠭᠡ ᠨᠢ ᠵᠢᠷᠤᠮᠵᠢᠯ ᠦᠭᠡᠢ ᠪᠠᠶᠢᠨ᠎ᠠ᠃ ᠣᠨᠴᠠ ᠵᠠᠷᠢᠮ ᠰᠦᠯᠵᠢᠶᠡᠨ ᠤ ᠥᠷᠲᠡᠭᠡ ᠨᠢ ᠨᠢᠭᠡ ᠨᠣᠮᠧᠷ ᠢᠶᠠᠷ ᠳᠠᠩᠰᠠᠯᠠᠬᠤ ᠪᠠ ᠨᠢᠭᠡᠳᠦᠯᠲᠡᠢ ᠳᠠᠩᠰᠠᠯᠠᠬᠤ ᠴᠢᠳᠠᠮᠵᠢ ᠶᠢ ᠬᠠᠷᠠᠬᠠᠨ ᠪᠡᠶᠡᠯᠡᠭᠦᠯᠦᠭᠡᠳᠦᠢ ᠪᠠᠶᠢᠭᠰᠠᠭᠠᠷ᠃ ᠬᠡᠰᠡᠭ ᠰᠦᠯᠵᠢᠶᠡᠨ ᠤ ᠥᠷᠲᠡᠭᠡᠨ ᠤ ᠡᠷᠢᠵᠦ ᠬᠠᠶᠢᠬᠤ ᠴᠢᠳᠠᠮᠵᠢ ᠨᠢ ᠪᠦᠷᠢᠨ ᠪᠠᠶᠢᠵᠤ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠬᠠᠷᠢᠯᠴᠠᠨ ᠬᠥᠳᠡᠯᠦᠯᠴᠡᠬᠦ ᠲᠥᠷᠥᠯ ᠤᠨ ᠮᠡᠳᠡᠭᠡ ᠵᠠᠩᠭᠢ ᠶᠢ ᠡᠷᠢᠵᠦ ᠣᠯᠬᠤ ᠠᠷᠭ᠎ᠠ ᠦᠭᠡᠢ ᠪᠠᠶᠢᠳᠠᠭ᠃ ᠬᠡᠰᠡᠭ ᠰᠦᠯᠵᠢᠶᠡᠨ ᠥᠷᠲᠡᠭᠡᠨ ᠤ ᠨᠢᠭᠤᠷ ᠤᠨ ᠵᠢᠷᠤᠭ ᠲᠥᠯᠥᠪᠯᠡᠭᠡ ᠨᠢ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠵᠤ᠂ ᠰᠦᠯᠵᠢᠶᠡᠨ ᠥᠷᠲᠡᠭᠡᠨ ᠤ ᠰᠦᠯᠵᠢᠶᠡᠨ ᠤ ᠬᠠᠶ᠋ᠢᠭ ᠨᠢ ᠵᠢᠷᠤᠮᠵᠢᠯ ᠦᠭᠡᠢ᠂ ᠨᠢᠭᠤᠷ ᠤᠨ ᠣᠷᠣᠢ ᠶᠢᠨ ᠬᠡᠰᠡᠭ ᠲᠤ ᠰᠢᠨ᠎ᠡ ᠬᠡᠪᠯᠡᠯ ᠤᠨ ᠤᠯᠤᠰ ᠤᠨ ᠰᠦᠯᠳᠡ ᠶᠢ ᠬᠡᠷᠡᠭᠯᠡᠭᠰᠡᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃   3. ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢ ᠨᠡᠶᠢᠲᠡᠯᠡᠬᠦ ᠪᠠ ᠬᠢᠨᠠᠨ ᠬᠠᠷᠭᠤᠭᠤᠯᠬᠤ ᠶᠢ ᠪᠣᠳᠠᠲᠠᠶᠢᠵᠢᠭᠤᠯᠤᠭᠰᠠᠨ ᠦᠭᠡᠢ᠂ ᠢᠯᠡᠷᠡᠭᠰᠡᠨ ᠪᠤᠷᠤᠭᠤ ᠦᠰᠦᠭ ᠤᠨ ᠠᠰᠠᠭᠤᠳᠠᠯ ᠤᠨ ᠬᠦᠨᠳᠦ ᠨᠣᠴᠢᠲᠠᠢ ᠴᠢᠨᠠᠷ ᠤᠨ ᠲᠤᠬᠠᠢ ᠲᠠᠨᠢᠯᠲᠠ ᠳᠤᠲᠠᠮᠠᠭ᠂ ᠢᠯᠡᠷᠡᠭᠦᠯᠦᠭᠰᠡᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠰᠠᠭᠤᠳᠠᠯ ᠤᠷᠤᠰᠢᠵᠤ ᠪᠤᠢ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠸᠠᠳᠧ ᠰᠢᠶᠠᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠤᠷᠤᠭᠤ ᠦᠰᠦᠭ ᠣᠯᠠᠨ ᠪᠠᠶᠢᠨ᠎ᠠ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢ ᠬᠥᠮᠥᠨ ᠤ ᠮᠡᠳᠡᠭᠡ ᠵᠠᠩᠭᠢ ᠶᠢᠨ ᠠᠰᠠᠭᠤᠳᠠᠯ ᠨᠡᠯᠢᠶᠡᠳ ᠣᠯᠠᠨ ᠤᠷᠤᠰᠢᠵᠤ ᠪᠠᠶᠢᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠳᠤᠪᠴᠢᠶ᠎ᠠ ᠭᠠᠳᠠᠭᠠᠳᠤ ᠬᠤᠯᠪᠤᠭᠠᠰᠤ ᠨᠡᠯᠢᠶᠡᠳ ᠤᠯᠠᠨ ᠪᠤᠢ᠃︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠳᠠᠯ   1. ᠣᠨᠴᠠ ᠵᠠᠷᠢᠮ ᠬᠤᠰᠢᠭᠤ ᠰᠢᠶᠠᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠮᠥᠨ ᠬᠦ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠠᠰᠠᠭᠤᠳᠠᠯ ᠤᠷᠤᠰᠢᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠭᠠᠷᠠᠭ ᠪᠦᠷᠢ ᠰᠢᠮᠳᠠᠭᠤᠯᠤᠨ ᠰᠢᠨᠡᠳᠬᠡᠬᠦ ᠪᠠᠶᠢᠳᠠᠯ ᠳᠣᠣᠷ᠎ᠠ᠂ ᠮᠥᠨ ᠬᠦ ᠬᠤᠭᠤᠴᠠᠭ᠎ᠠ ᠠᠴᠠ ᠬᠡᠲᠦᠷᠡᠭᠰᠡᠨ ᠦᠵᠡᠭᠳᠡᠯ ᠣᠷᠣᠰᠢᠵᠤ ᠪᠠᠶᠢᠨ᠎ᠠ᠃   2. ᠲᠣᠰ ᠤᠯᠠᠷᠢᠯ ᠳᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠨᠡᠶᠢᠲᠡᠯᠡᠭᠰᠡᠨ ᠠᠭᠤᠯᠭ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠡ᠃ ᠬᠡᠰᠡᠭ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠤᠷᠢᠳ ᠢᠶᠠᠷ ᠬᠢᠨᠠᠵᠤ ᠳᠠᠷᠠᠭ᠎ᠠ ᠨᠢ ᠨᠡᠶᠢᠳᠡᠯᠡᠬᠦ ᠳᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ᠂ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠬᠦᠨᠳᠦ ᠨᠣᠴᠢᠲᠠᠢ ᠪᠤᠷᠤᠭᠤ ᠥᠭᠦᠯᠡᠯᠲᠡ ᠣᠷᠣᠰᠢᠵᠤ ᠪᠠᠶᠢᠨ᠎ᠠ᠃   ᠡᠯ᠎ᠡ ᠰᠠᠯᠠᠭ᠎ᠠ ᠮᠥᠴᠢᠷ ᠤᠨ ᠬᠠᠮᠵᠢᠯᠴᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ   ᠠᠴᠠ ᠦᠵᠡᠪᠡᠯ᠂ ᠣᠯᠠᠩᠬᠢ ᠰᠠᠯᠠᠭ᠎ᠠ ᠮᠥᠴᠢᠷ ᠤᠨ ᠬᠢᠨ ᠱᠠᠭᠠᠷᠳᠠᠯᠭ᠎ᠠ ᠶᠣᠰᠣᠭᠠᠷ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠪᠣᠯᠪᠠᠴᠤ ᠣᠨᠴᠠ ᠵᠠᠷᠢᠮ ᠰᠠᠯᠠᠭ᠎ᠠ ᠮᠥᠴᠢᠷ ᠤᠨ ᠬᠢᠨ ᠮᠥᠨ ᠬᠦ ᠳᠣᠷᠣᠭᠰᠢ ᠲᠠᠷᠬᠠᠭᠠᠭᠰᠠᠨ ᠪᠤᠷᠤᠭᠤ ᠠᠰᠠᠭᠤᠳᠠᠯ ᠢ ᠴᠠᠭ ᠲᠤᠬᠠᠢ ᠳᠤᠨᠢ ᠲᠤᠶᠢᠯᠪᠤᠷᠢᠲᠠᠢ ᠴᠡᠭᠴᠡᠯᠡᠨ ᠥᠭᠡᠷᠡᠴᠢᠯᠡᠭᠰᠡᠨ ᠦᠭᠡᠢ᠂ ᠬᠠᠰᠢ ᠶᠠᠰᠢ ᠪᠠᠷ ᠳᠠᠭᠤᠰᠬᠠᠭᠰᠠᠨ ᠦᠵᠡᠭᠳᠡᠯ ᠤᠷᠤᠰᠢᠵᠤ ᠪᠠᠶᠢᠨ᠎ᠠ᠃ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ   ︵ᠨᠢᠭᠡ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠢᠨᠠᠨ ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠰᠢᠨᠡᠳᠭᠡᠬᠦ ᠳᠠᠪᠲᠠᠮᠵᠢ ᠶᠢ ᠪᠠᠲᠤᠯᠠᠵᠤ᠂ ᠬᠤᠭᠤᠴᠠᠭ᠎ᠠ ᠬᠡᠲᠦᠷᠡᠬᠦ ᠦᠵᠡᠭᠳᠡᠯ ᠳᠠᠭᠢᠵᠤ ᠭᠠᠷᠬᠤ ᠦᠭᠡᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶ᠎ᠠ ᠪᠦᠬᠦᠢ ᠳᠠᠩᠰᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠣᠷᠬᠢᠭᠳᠠᠭᠤᠯᠬᠤ ᠦᠭᠡᠢ᠂ ᠮᠡᠳᠡᠭᠦᠯᠬᠦ ᠶᠣᠰᠣᠲᠠᠢ ᠶᠢ ᠨᠢ ᠴᠥᠮ ᠮᠡᠳᠡᠭᠦᠯᠵᠦ᠂ ᠲᠣᠰ ᠰᠢᠰᠲ᠋ᠧᠮ ᠤᠨ ᠢᠶᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠦᠬᠦᠨ ᠢ ᠬᠢᠨᠠᠨ ᠬᠠᠮᠢᠶᠠᠷᠬᠤ ᠳᠤ ᠣᠷᠣᠭᠤᠯᠬᠤ ᠬᠡᠷᠡᠭᠲᠡᠢ᠃   ︵ᠬᠤᠶᠠᠷ︶ ᠠᠵᠢᠯ ᠤᠨ ᠲᠠᠨᠢᠯᠲᠠ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠪᠣᠭᠤᠮᠲᠠ ᠶᠢ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ  ᠶᠠᠪᠤᠴᠠ ᠶᠢ ᠵᠢᠷᠤᠮᠵᠢᠭᠤᠯᠵᠤ᠂ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ︽ᠬᠡᠨ ᠨᠡᠶᠢᠲᠡᠯᠡᠪᠡᠯ ᠲᠡᠷᠡ ᠬᠠᠷᠢᠭᠤᠴᠠᠬᠤ︾᠂ ︽ᠤᠷᠢᠳᠠᠪᠠᠷ ᠬᠢᠨᠠᠵᠤ ᠳᠠᠷᠠᠭ᠎ᠠ ᠨᠢ ᠨᠡᠶᠢᠳᠡᠯᠡᠬᠦ︾᠂ ︽ᠭᠤᠷᠪᠠ ᠶᠢ ᠬᠢᠨᠠᠵᠤ ᠭᠤᠷᠪᠠ ᠶᠢ ᠬᠠᠷᠭᠤᠭᠤᠯᠬᠤ︾ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠡᠬᠡ ᠪᠢᠴᠢᠭ ᠢ ᠳᠠᠬᠢᠨ ᠳᠠᠪᠲᠠᠨ ᠬᠠᠷᠭᠤᠭᠤᠯᠤᠨ ᠪᠠᠶᠢᠴᠠᠭᠠᠵᠤ᠂ ᠵᠦᠩᠳᠡᠭᠡᠨ ᠢᠯᠡᠷᠡᠬᠦ ᠪᠤᠷᠤᠭᠤ ᠦᠭᠡᠰ ᠢ ᠤᠨᠴᠠᠭᠠᠶᠢᠯᠠᠨ ᠠᠩᠬᠠᠷᠴᠤ᠂ ᠬᠦᠨᠳᠦ ᠨᠣᠴᠢᠲᠠᠢ ᠪᠤᠷᠤᠭᠤ ᠲᠣᠭᠠᠴᠢᠯᠲᠠ ᠶᠢ ᠡᠷᠡᠰ ᠬᠤᠷᠢᠭᠯᠠᠬᠤ ᠬᠡᠷᠡᠭᠲᠡᠢ᠃ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠠᠬᠢ ᠪᠤᠷᠤᠭᠤ ᠦᠰᠦᠭ᠂ ᠬᠤᠪᠢ ᠬᠥᠮᠥᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ ᠪᠤᠷᠤᠭᠤ ᠬᠤᠯᠪᠤᠭᠠᠰᠤ ᠵᠡᠷᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠷᠬᠡ ᠰᠦᠷᠲᠦ ᠴᠢᠨᠠᠷ᠂ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃   ︵ᠭᠤᠷᠪᠠ︶ ᠰᠢᠯᠭᠠᠨ ᠬᠢᠨᠠᠵᠤ ᠰᠢᠯᠭᠠᠨ ᠪᠠᠶᠢᠴᠠᠭᠠᠬᠤ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ︽2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ︾ ᠲᠠᠢ ᠪᠥᠬᠦ ᠲᠠᠯ᠎ᠠ ᠪᠠᠷ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠥᠷᠨᠢᠭᠦᠯᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠴᠥᠮ ᠰᠢᠯᠭᠠᠨ ᠬᠢᠨᠠᠬᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃   ᠲᠣᠰ ᠤᠳᠠᠭ᠎ᠠ ᠵᠠᠷᠯᠠᠨ ᠮᠡᠳᠡᠭᠳᠡᠭᠰᠡᠨ ᠠᠰᠠᠭᠤᠳᠠᠯ ᠢ ᠡᠯ᠎ᠡ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠣᠯᠴᠢᠯᠠᠨ ᠬᠠᠮᠢᠶᠠᠷᠬᠤ ᠨᠢᠭᠡᠴᠢ ᠨᠦᠭᠦᠳ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠰᠢᠢᠳᠪᠦᠷᠢᠯᠡᠬᠦ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠥᠬᠦ ᠲᠠᠯ᠎ᠠ ᠪᠠᠷ ᠥᠪᠡᠷ ᠢᠶᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ 2023 ᠣᠨ ᠤ ᠭᠤᠷᠪᠠᠳᠤᠭᠠᠷ ᠤᠯᠠᠷᠢᠯ ᠤᠨ ᠵᠠᠷᠯᠠᠯ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ᠂ ᠵᠠᠷᠯᠠᠯ ᠢ ᠳᠣᠷᠣᠭᠰᠢ ᠲᠠᠷᠬᠠᠭᠠᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠭᠤᠣᠯ ᠬᠠᠷᠢᠭᠤᠴᠠᠯᠭᠠᠲᠠᠨ ᠠᠴᠠ ᠭᠠᠷ ᠤᠨ ᠥᠰᠥᠭ ᠵᠢᠷᠤᠵᠤ ᠪᠢᠴᠢᠭ ᠤᠨ ᠬᠡᠯᠪᠡᠷᠢ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠲᠤ ᠬᠠᠷᠢᠭᠤ ᠮᠡᠳᠡᠭᠦᠯᠦᠭᠡᠷᠡᠢ᠃   ᠬᠠᠷᠢᠯᠴᠠᠬᠤ ᠬᠥᠮᠥᠨ᠄ ᠦ᠋ ᠵᠢᠶᠠᠨ ᠸᠧᠢ ︵ᠰᠦᠯᠵᠢᠶᠡᠨ ᠥᠷᠲᠡᠭᠡ︶   ᠶᠠᠩ ᠰᠢᠶᠣᠣ ︵ᠰᠢᠨ᠎ᠡ ᠵᠠᠭᠤᠴᠢᠯᠠᠭᠤᠷ   ᠬᠠᠷᠢᠯᠴᠠᠬᠤ ᠬᠡᠯᠪᠡᠷᠢ᠄ 8320776 8320105 ︵ᠹᠠᠺᠰ︶   ᠰᠢᠤᠳᠠᠨ ᠬᠠᠶᠢᠷᠴᠠᠭ᠄ zwgkb636@163.com                                                     ᠤᠷᠴᠢᠭᠤᠯᠤᠭᠴᠢ᠄ ᠢᠷᠭᠤᠢ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2