︽ᠤᠯᠤᠰ ᠤᠨ ᠨᠡᠷ᠎ᠡ ᠶᠢᠨ ᠲᠡᠮᠳᠡᠭᠲᠦ︾︕ ᠯᠢᠶᠡᠩᠴᠧᠩ ᠬᠤᠲᠠ ᠶᠢᠨ ᠰᠢᠰᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ︕
ᠨᠡᠶᠢᠲᠡᠯᠡᠭᠰᠡᠨ ᠴᠠᠭ᠄
2023/9/11
    ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ 2023 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ 550 ᠪᠦᠲᠦᠭᠡᠭᠳᠡᠬᠦᠨ ᠢ ᠲᠤᠰᠬᠠᠢ ᠣᠷᠣᠨ ᠬᠤᠲᠠ ᠶᠢᠨ ᠳᠡᠰ ᠤᠨ᠂ ᠮᠤᠵᠢ ᠶᠢᠨ ᠳᠡᠰ ᠤᠨ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠭᠦᠢ ᠪᠠ ᠴᠢᠨᠠᠷᠵᠢᠭᠤᠯᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠠᠵᠢᠯ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵︽ᠶᠠᠮᠤᠨ ᠤ ᠲᠠᠷᠢᠶᠠᠯᠠᠩ ᠤᠨ ᠠᠮᠤᠷ ᠲᠦᠪᠰᠢᠨ ᠤ ᠲᠥᠪ︾ ᠭᠡᠵᠦ ᠲᠣᠪᠴᠢᠯᠠᠨ᠎ᠠ︶ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠨᠤᠲᠠᠯᠠᠬᠤ ᠶᠢᠨ ᠬᠠᠮᠲᠤ ᠶᠠᠮᠤᠨ ᠤ ᠲᠠᠷᠢᠶᠠᠯᠠᠩ ᠤᠨ ᠠᠮᠤᠷ ᠲᠦᠪᠰᠢᠨ ᠤ ᠲᠥᠪ ᠤᠨ ᠠᠯᠪᠠᠨ ᠤ ᠰᠦᠯᠵᠢᠶ᠎ᠡ ᠳᠤ ᠵᠠᠷᠯᠠᠨ ᠨᠡᠶᠢᠲᠡᠯᠡᠵᠦ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢᠨ ᠬᠠᠮᠲᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠦᠨᠡᠮᠯᠡᠯ ᠢ ᠬᠢᠨᠠᠨ ᠣᠯᠭᠤᠪᠡ᠃ ᠡᠭᠦᠨ ᠳᠤ᠂ ᠤᠯᠠᠭᠠᠨᠴᠠᠪ ᠬᠤᠲᠠ ᠶᠢᠨ 9 ᠲᠠᠷᠢᠶᠠᠯᠠᠩ ᠤᠨ ᠪᠦᠲᠦᠭᠡᠭᠳᠡᠬᠦᠨ ᠰᠣᠩᠭᠤᠭᠳᠠᠨ ᠣᠷᠣᠵᠤ᠂ ᠯᠢᠶᠡᠩᠴᠧᠩ ᠬᠤᠲᠠ ᠶᠢᠨ ᠰᠢᠰᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠪᠠ︕                                   ᠤᠷᠴᠢᠭᠤᠯᠤᠭᠴᠢ᠄ ᠬᠦᠰᠡᠯ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2