ᠯᠢᠶᠡᠩᠴᠧᠩ ᠰᠢᠶᠠᠨ 39 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/9/12
    9 ᠰᠠᠷ᠎ᠠ ᠶᠢᠨ 11 ᠤ ᠡᠳᠦᠷ᠂ ᠯᠢᠶᠡᠩᠴᠧᠩ ᠰᠢᠶᠠᠨ 39 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ᠃ ᠬᠤᠷᠠᠯ ᠠᠴᠠ ᠠᠮᠵᠢᠯᠲᠠ ᠪᠠᠨ ᠳ᠋ᠦᠩᠨᠡᠵᠦ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠢ ᠳᠠᠶᠢᠴᠢᠯᠠᠨ ᠴᠤᠭ ᠰᠦᠯᠳᠡ ᠶᠢ ᠨᠢ ᠤᠯᠠᠮ ᠴᠢᠨᠠᠭᠰᠢᠳᠠ ᠪᠠᠳᠠᠷᠠᠭᠤᠯᠵᠤ᠂ ᠡᠷᠴᠢ ᠵᠣᠷᠢᠭ ᠢ ᠨᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠡᠢ᠃     ᠶᠡᠭᠡ ᠬᠤᠷᠠᠯ ᠠᠴᠠ ᠯᠢᠶᠡᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ 4 ᠳᠤᠮᠳᠠᠳᠤ ᠰᠤᠷᠭᠠᠭᠤᠯᠢ ᠶᠢᠨ ︽ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢᠨ ᠲᠡᠷᠢᠭᠦᠨ ᠤ ᠬᠠᠮᠲᠤ︾᠂ ᠾᠥᠸᠧ ᠶᠢᠨ ᠶᠤᠸᠠᠨ ᠵᠡᠷᠭᠡ 10 ᠨᠡᠷᠡᠰ ︽ᠰᠢᠯᠢᠳᠡᠭ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶︾᠂ ᠸᠠᠩ ᠸᠧᠢ ᠵᠡᠷᠭᠡ 12 ᠨᠡᠷᠡᠰ ︽ᠰᠢᠶᠠᠨ ᠤ ᠳᠠᠷᠤᠭ᠎ᠠ ᠶᠢᠨ ᠯᠠ ᠶᠢᠨ ᠭᠡᠷᠡᠯ ᠱᠠᠩᠨᠠᠯ︾᠂ ᠶᠢᠨ ᠵᠤᠤ ᠵᠡᠷᠭᠡ 6 ᠨᠡᠷᠡᠰ ︽ᠰᠢᠶᠠᠨ ᠤ ᠳᠠᠷᠤᠭ᠎ᠠ ᠶᠢᠨ ᠰᠤᠷᠭᠠᠨ ᠬᠥᠮᠦᠵᠢᠯ ᠤᠨ ᠰᠣᠳᠣᠨ ᠬᠥᠮᠥᠰ ᠤᠨ ᠱᠠᠩᠨᠠᠯ︾᠂ ᠯᠢᠦ ᠶᠦᠩ ᠰᠢᠶᠠ ᠵᠡᠷᠭᠡ 10 ᠨᠡᠷᠡᠰ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠲᠡᠷᠢᠭᠦᠨ ᠤ ᠬᠤᠪᠢ ᠬᠥᠮᠥᠨ︾᠂ ᠬᠠᠨ ᠶᠤᠸᠠᠢ ᠬᠤᠩ ᠵᠡᠷᠭᠡ 49 ᠨᠡᠷᠡᠰ ︽ᠰᠢᠯᠢᠳᠡᠭ ᠪᠠᠭᠰᠢ︾ ᠪᠣᠯᠣᠨ ᠵᠤᠸᠠᠩ ᡁᠢ ᠴᠢᠶᠠᠩ ᠵᠡᠷᠭᠡ 30 ᠨᠡᠷᠡᠰ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠳ︾ ᠢ ᠬᠥᠬᠢᠭᠦᠯᠦᠨ ᠰᠠᠶᠢᠰᠢᠶᠠᠪᠠ᠃     ᠬᠤᠷᠠᠯ ᠠᠴᠠ᠂ ᠣᠶᠢᠷ᠎ᠠ ᠶᠢᠨ ᠵᠢᠯ᠂ ᠯᠢᠶᠡᠩᠴᠧᠩ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠰᠤᠷᠭᠠᠨ ᠬᠥᠮᠦᠵᠢᠯ ᠢ ᠢᠮᠠᠭᠲᠠ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃     ᠶᠡᠭᠡ ᠬᠤᠷᠠᠯ ᠠᠴᠠ ᠪᠦᠬᠦ ᠰᠢᠶᠠᠨ ᠤ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠥᠷᠭᠡᠨ ᠤᠯᠠᠨ ᠪᠠᠭᠰᠢ ᠠᠵᠢᠯᠲᠠᠳ ᠢ ᠲᠤᠶᠢᠯ ᠤᠨ ᠶᠡᠭᠡ ᠪᠠᠷ ᠵᠣᠷᠢᠭᠵᠢᠭᠤᠯᠵᠤ᠂ ᠬᠤᠶᠢᠰᠢᠳᠠ ᠶᠢᠨ ᠵᠢᠭᠠᠨ ᠰᠤᠷᠭᠠᠯᠲᠠ ᠶᠢᠨ ᠳᠤᠮᠳᠠ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠡᠭᠦᠷᠭᠡ ᠶᠢ ᠰᠠᠶᠢᠲᠤᠷ ᠡᠭᠦᠷᠭᠡᠯᠡᠵᠦ᠂ ᠪᠦᠬᠦ ᠤᠶᠤᠨ ᠴᠢᠳᠠᠯ ᠪᠣᠯᠣᠨ ᠬᠡᠬᠦᠳᠡᠭ ᠳᠦᠭᠦᠷᠡᠩ ᠦᠨᠡᠨ ᠰᠡᠳᠬᠢᠯᠭᠡ ᠪᠠᠨ ᠰᠤᠷᠭᠠᠨ ᠬᠥᠮᠦᠵᠢᠯ ᠤᠨ ᠦᠢᠯᠡᠰ ᠲᠤ ᠵᠣᠷᠢᠭᠤᠯᠵᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠠᠵᠢᠯ ᠤᠨ ᠳᠤᠮᠳᠠ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠨ᠎ᠠ ᠭᠡᠵᠦ ᠢᠯᠡᠳᠬᠡᠵᠡᠭᠡᠪᠡ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2