| | 1 — 8 ᠰᠠᠷ᠎ᠠ ᠳᠤ ᠳᠥᠷᠪᠡᠳ ᠬᠤᠰᠢᠭᠤᠨ ᠤ ᠬᠢᠨ ᠲᠣᠰ ᠭᠠᠵᠠᠷ ᠲᠠᠭᠠᠨ 157 ᠤᠳᠠᠭ᠎ᠠ | ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠢ | 163 ᠵᠠᠯᠭᠠᠭᠤᠯᠪᠡ᠃ 8 ᠰᠠᠷ᠎ᠠ ᠶᠢᠨ ᠰᠡᠭᠦᠯᠴᠢ ᠪᠣᠯᠲᠠᠯ᠎ᠠ᠂ ᠨᠠᠮ ᠵᠠᠰᠠᠭ ᠤᠨ ᠭᠤᠣᠯ ᠤᠳᠤᠷᠢᠳᠤᠯᠭ᠎ᠠ ᠭᠠᠳᠠᠭᠰᠢ | ᠭᠠᠷᠴᠤ 13 ᠤᠳᠠᠭ᠎ᠠ ᠬᠤᠳᠠᠯᠳᠤᠭᠠᠴᠢᠨ ᠤᠷᠢᠪᠠ᠃ ᠡᠯ᠎ᠡ ᠠᠵᠤ ᠦᠢᠯᠡᠰ ᠤᠨ ᠬᠤᠳᠠᠯᠳᠤᠭᠠᠴᠢᠨ ᠤᠷᠢᠬᠤ | ᠳᠤᠭᠤᠶᠢᠯᠠᠩ ︵ᠬᠦᠷᠢᠶᠡᠯᠡᠩ ᠲᠣᠭᠤᠷᠢᠭ︶ ᠨᠢ ᠬᠤᠳᠠᠯᠳᠤᠭᠠᠴᠢᠨ ᠤᠷᠢᠬᠤ ᠶᠢ 100 ᠤᠳᠠᠭ᠎ᠠ ᠵᠣᠯᠭᠠᠭᠤᠯᠬᠤ ᠶᠢ | ᠪᠡᠶᠡᠯᠡᠭᠦᠯᠵᠦ᠂ ᠡᠭᠦᠨ ᠳᠤ᠂ ᠲᠣᠰ ᠭᠠᠵᠠᠷ ᠤᠨ ᠬᠢᠨ 66 ᠤᠳᠠᠭ᠎ᠠ ᠬᠤᠳᠠᠯᠳᠤᠭᠠᠴᠢᠨ ᠤᠷᠢᠬᠤ ᠶᠢ ᠭᠥᠯᠢᠶᠡᠨ | ᠠᠪᠴᠤ᠂ ᠭᠠᠳᠠᠭᠰᠢ ᠭᠠᠷᠴᠤ 31 ᠤᠳᠠᠭ᠎ᠠ ᠬᠤᠳᠠᠯᠳᠤᠭᠠᠴᠢᠨ ᠤᠷᠢᠬᠤ ᠶᠢ ᠭᠥᠯᠢᠶᠡᠨ ᠠᠪᠴᠤ᠂ ᠰᠦᠯᠵᠢᠶᠡᠨ | ᠳᠡᠭᠡᠷ᠎ᠡ 3 ᠤᠳᠠᠭ᠎ᠠ ᠬᠤᠳᠠᠯᠳᠤᠭᠠᠴᠢᠨ ᠤᠷᠢᠬᠤ ᠶᠢ ᠪᠡᠶᠡᠯᠡᠭᠦᠯᠪᠡ᠃ ᠡᠯ᠎ᠡ ᠰᠤᠮᠤ ᠰᠢᠶᠠᠩ ᠪᠠᠯᠭᠠᠰᠤ ᠶᠢᠨ | ᠬᠤᠳᠠᠯᠳᠤᠭᠠᠴᠢᠨ ᠤᠷᠢᠬᠤ ᠬᠤᠪᠢᠶᠠᠷᠢ ᠠᠩᠭᠢ ᠶᠢᠨ ᠬᠢᠨ ᠬᠤᠳᠠᠯᠳᠤᠭᠠᠴᠢᠨ ᠤᠷᠢᠬᠤ ᠶᠢ 44 ᠤᠳᠠᠭ᠎ᠠ | ᠵᠣᠯᠭᠠᠭᠤᠯᠬᠤ ᠶᠢ ᠪᠡᠶᠡᠯᠡᠭᠦᠯᠵᠦ᠂ ᠡᠭᠦᠨ ᠳᠤ ᠲᠣᠰ ᠭᠠᠵᠠᠷ ᠤᠨ ᠬᠢᠨ 32 ᠤᠳᠠᠭ᠎ᠠ ᠬᠤᠳᠠᠯᠳᠤᠭᠠᠴᠢᠨ ᠤᠷᠢᠬᠤ ᠶᠢ | ᠭᠥᠯᠢᠶᠡᠨ ᠠᠪᠴᠤ᠂ ᠭᠠᠳᠠᠭᠰᠢ ᠭᠠᠷᠴᠤ 12 ᠤᠳᠠᠭ᠎ᠠ ᠬᠤᠳᠠᠯᠳᠤᠭᠠᠴᠢᠨ ᠤᠷᠢᠪᠠ᠃ | ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 57 ︵ᠨᠢᠭᠡᠳᠦᠭᠡᠷ ᠠᠵᠤ ᠦᠢᠯᠡᠰ ᠤᠨ 15 ᠵᠦᠢᠯ᠂ | ᠬᠤᠶᠠᠳᠤᠭᠠᠷ ᠠᠵᠤ ᠦᠢᠯᠡᠰ ᠤᠨ 26 ᠵᠦᠢᠯ᠂ ᠭᠤᠷᠪᠠᠳᠤᠭᠠᠷ ᠠᠵᠤ ᠦᠢᠯᠡᠰ ᠤᠨ 13 ᠵᠦᠢᠯ᠂ ᠰᠢᠨ᠎ᠡ | ᠡᠨᠧᠷᠭᠢ ᠶᠢᠨ ᠰᠤᠷᠪᠤᠯᠵᠢ ᠶᠢᠨ 3 ᠵᠦᠢᠯ︶ ᠪᠠᠶᠢᠵᠤ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 305. | 1 ᠳ᠋ᠦᠩᠰᠢᠭᠤᠷ ᠲᠥᠭᠦᠷᠢᠭ ᠲᠤ ᠬᠦᠷᠴᠦ᠂ ᠬᠤᠲᠠ ᠶᠢᠨ ᠱᠠᠲᠤᠨ ᠤ ᠪᠠᠭᠤᠯᠭᠠᠭᠰᠠᠨ ᠡᠭᠦᠷᠭᠡ ᠶᠢᠨ 104% ᠶᠢ | ᠪᠡᠶᠡᠯᠡᠭᠦᠯᠪᠡ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠭᠠᠷᠳᠠᠮ 46 | ᠪᠠᠶᠢᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 81% ᠪᠠᠶᠢᠵᠤ᠂ 32 ᠲᠥᠷᠥᠯ ᠵᠦᠢᠯ ᠢ ᠠᠵᠢᠯ | ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 56% ᠪᠣᠯᠪᠠ᠃ ᠡᠭᠦᠨ ᠳᠤ᠂ ᠣᠷᠣᠨ ᠤ ᠭᠠᠳᠠᠨᠠᠬᠢ 28 | ᠲᠥᠷᠥᠯ ᠵᠦᠢᠯ᠂ 20 ᠲᠥᠷᠥᠯ ᠵᠦᠢᠯ ᠢ ᠨᠢᠭᠡᠨᠲᠡ ᠲᠣᠭᠲᠠᠭᠠᠵᠤ᠂ 12 ᠲᠥᠷᠥᠯ ᠵᠦᠢᠯ ᠢ ᠠᠵᠢᠯ ᠡᠬᠢᠯᠡᠭᠦᠯᠵᠦ᠂ | ᠠᠵᠢᠯ ᠡᠬᠢᠯᠡᠭᠦᠯᠦᠭᠰᠡᠨ ᠨᠣᠷᠮ᠎ᠠ ᠨᠢ 43% ᠪᠣᠯᠣᠨ᠎ᠠ᠃ | ᠲᠤᠬᠠᠢ ᠶᠢᠨ ᠵᠢᠯ ᠳᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ ᠵᠦᠢᠯ ᠨᠡᠶᠢᠲᠡ 47 ᠪᠠᠶᠢᠵᠤ᠂ | 55.71 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠡᠭᠦᠷᠭᠡ ᠶᠢᠨ ᠲᠤᠭ᠎ᠠ ᠶᠢ | ᠪᠡᠶᠡᠯᠡᠭᠦᠯᠦᠭᠰᠡᠨ ᠨᠣᠷᠮ᠎ᠠ 70% ᠳᠤ ᠬᠥᠷᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |