ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/9/12
   9 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ᠂ ᠦᠵᠡᠯ ᠰᠠᠨᠠᠭ᠎ᠠ ᠤᠯᠤᠰ ᠲᠥᠷᠥ᠂ ᠭᠤᠣᠯ ᠰᠡᠳᠦᠪᠲᠦ ᠬᠥᠮᠦᠵᠢᠯ ᠵᠡᠷᠭᠡ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠣᠯᠢᠯᠴᠠᠨ ᠰᠤᠳᠤᠯᠤᠨ ᠶᠠᠷᠢᠯᠴᠠᠪᠠ᠃    ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠬᠤᠷᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ ᠬᠤᠷᠠᠯ ᠡᠷᠭᠢᠯᠡᠪᠡ᠃    ᠬᠤᠷᠠᠯ ᠳᠡᠭᠡᠷ᠎ᠡ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠦᠬᠦ ᠲᠠᠯ᠎ᠠ ᠶᠢᠨ ᠴᠢᠨᠠᠷᠲᠠᠢ ᠦᠨᠳᠦᠰᠦᠨ ᠴᠢᠨᠠᠷᠲᠠᠢ ᠬᠤᠪᠢᠷᠠᠯᠲᠠ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠭᠤᠣᠯ ᠥᠷᠢᠰᠦᠯᠳᠦᠭᠡᠨ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠬᠤ ᠠᠷᠭ᠎ᠠ ᠪᠣᠳᠣᠯᠭ᠎ᠠ ᠰᠠᠨᠠᠭᠤᠯᠭ᠎ᠠ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠪᠦᠬᠦᠶᠢᠯᠡ ᠲᠠᠯᠠᠪᠤᠷ ᠤᠨ ᠮᠡᠳᠡᠭᠦᠯᠦᠯᠲᠡ ᠶᠢᠨ ᠰᠢᠰᠲ᠋ᠧᠮ ᠨᠢ ᠪᠦᠬᠦ ᠲᠠᠯ᠎ᠠ ᠶᠢᠨ᠂ ᠭᠤᠣᠯᠳᠠᠯᠭ᠎ᠠ ᠨᠢ ᠲᠣᠪᠣᠶᠢᠮ᠎ᠠ᠂ ᠤᠨᠤᠯ ᠤᠨ ᠥᠨᠳᠥᠷᠴᠡ ᠲᠠᠢ ᠮᠥᠷᠲᠡᠭᠡᠨ ᠦᠢᠯᠡᠳᠦᠯᠭᠡ ᠶᠢᠨ ᠭᠦᠨᠴᠡ ᠲᠠᠢ ᠪᠠᠶᠢᠵᠤ ᠂ ᠪᠢᠳᠡᠨ ᠤ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠬᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠪᠦᠲᠦᠮᠵᠢᠲᠡᠢ ᠰᠠᠶᠢᠲᠤᠷ ᠠᠳᠬᠤᠬᠤ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ ᠶᠤᠮ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠲᠤᠰ ᠤᠳᠠᠭᠠᠨ ᠤ ᠬᠠᠮᠲᠤ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠲᠤᠰ ᠠᠵᠢᠯ ᠲᠦᠷᠦᠯ ᠤᠨ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠶᠤᠯ ᠲᠦᠭᠰᠢᠭᠦᠷᠢ ᠶᠢ ᠰᠠᠶᠢᠲᠤᠷ ᠰᠡᠷᠭᠡᠶᠢᠯᠡᠨ ᠠᠷᠢᠯᠭᠠᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠪᠦᠬᠦ ᠬᠤᠳᠠ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2